ᠪᠦᠬᠦ ᠬᠤᠳᠠ ᠶᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠦᠴᠦᠸᠠᠨ ᠰᠢᠶᠠᠨ ᠤ ᠲᠤᠬᠠᠢ ᠶᠢᠨ ᠲᠠᠯᠠᠪᠤᠷ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/7/18
      7 ᠳ᠋ᠤᠭᠠᠷ ᠰᠠᠷ᠎ᠠ ᠶᠢᠨ 17 ᠤ ᠡᠳᠦᠷ᠂ ᠪᠥᠬᠦ ᠬᠤᠲᠠ ᠶᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠦᠴᠦᠸᠠᠨ ᠰᠢᠶᠠᠨ ᠤ ᠲᠤᠬᠠᠢ ᠶᠢᠨ ᠲᠠᠯᠠᠪᠤᠷ ᠤᠨ ᠬᠤᠷᠠᠯ ᠬᠤᠷᠠᠯᠳᠤᠪᠠ᠃ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠪᠠᠷ ᠳᠡᠮᠵᠢᠨ᠂ ᠦᠴᠦᠸᠠᠨ ᠰᠢᠶᠠᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠡᠨᠡᠬᠦ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠠᠪᠤᠴᠠ ᠳᠠᠬᠢ ᠲᠤᠷᠰᠢᠯᠭ᠎ᠠ ᠦᠷ᠎ᠡ ᠪᠦᠲᠦᠮᠵᠢ ᠪᠣᠯᠣᠨ ᠺᠠᠳ᠋ᠷᠴᠤᠳ ᠤᠨ ᠠᠵᠢᠯ ᠬᠢᠵᠦ ᠦᠢᠯᠡᠰ ᠴᠤᠭᠴᠠᠯᠠᠬᠤ ᠴᠤᠭ ᠵᠢᠪᠬᠤᠭ᠎ᠠ ᠶᠢ ᠣᠶᠢᠯᠠᠭᠠᠨ ᠮᠡᠳᠡᠷᠡᠵᠦ᠂ ᠪᠦᠬᠦ ᠬᠤᠳᠠ ᠳᠤ ᠠᠳᠠᠯᠢᠳᠬᠠᠬᠤ ᠰᠤᠷᠤᠯᠴᠠᠬᠤ ᠭᠦᠢᠴᠡᠵᠦ ᠳᠠᠪᠠᠭ᠋ᠤ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠣᠷᠣᠨ ᠤ ᠲᠥᠪ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠪᠠ᠃        ᠣᠶᠢᠷ᠎ᠠ ᠶᠢᠨ ᠵᠢᠯ ᠠᠴᠠ ᠨᠠᠰᠢ᠂ ᠦᠴᠦᠸᠠᠨ ᠰᠢᠶᠠᠨ ᠶᠡᠷᠦᠩᠬᠡᠢ ᠱᠦᠵᠢ ᠰᠢ ᠶᠢᠨ ᠫᠢᠩ ᠤᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠲᠤᠬᠠᠢ ᠴᠢᠬᠤᠯᠠ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠵᠤ᠂ ᠪᠣᠬᠢᠷᠲᠤᠯ ᠦᠭᠡᠢ ᠬᠥᠭᠵᠢᠯᠲᠡ ᠶᠢᠨ ᠲᠣᠭᠲᠠᠯ ᠬᠦᠴᠦᠨ ᠢ ᠪᠠᠲᠤᠯᠠᠵᠤ᠂ ᠣᠷᠣᠨ ᠤ ᠲᠥᠪ ᠤᠨ ᠤᠮᠠᠷᠠᠲᠤ ᠶᠢᠨ ᠠᠮᠢ ᠠᠬᠤᠢ ᠶᠢᠨ ᠬᠠᠯᠬᠠᠪᠴᠢ ᠶᠢ ᠪᠠᠶᠢᠭᠤᠯᠬᠤ ᠪᠠᠷ ᠤᠳᠠᠭᠠᠨ ᠲᠠᠭᠠᠭᠠᠮᠠᠭᠠᠢ ᠴᠢᠷᠮᠠᠶᠢᠨ ᠠᠵᠢᠯᠯᠠᠪᠠ᠃ ︽ᠣᠷᠣᠨ ᠤ ᠲᠥᠪ ᠢ ᠬᠦᠴᠦᠷᠬᠡᠭᠵᠢᠭᠦᠯᠬᠦ︾ ᠢᠨᠵᠧᠨᠧᠷᠢᠩ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠬᠠᠮᠠᠭᠠᠯᠠᠬᠤ᠂ ᠬᠥᠭᠵᠢᠭᠦᠯᠬᠦ᠂ ᠴᠢᠨᠡᠭᠡᠯᠢᠭᠵᠢᠭᠦᠯᠬᠦ ︽ᠭᠤᠷᠪᠠᠨ ᠠᠵᠢᠯ ︾ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠪᠡ᠃ ᠲᠤᠰ ᠤᠳᠠᠭ᠎ᠠ ᠶᠢᠨ ᠲᠤᠬᠠᠢ ᠶᠢᠨ ᠲᠠᠯᠠᠪᠤᠷ ᠲᠤ ᠲᠣᠭᠤᠷᠢᠨ ᠦᠵᠡᠬᠦ ᠲᠦᠷᠦᠯ ᠵᠦᠢᠯ ᠨᠢ ᠥᠨᠳᠦᠷᠯᠢᠭ ᠤᠨ ᠣᠨᠴᠠᠯᠢᠭᠲᠤ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠢᠯᠠᠰ ᠴᠡᠭ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠯ ᠵᠡᠷᠭᠡ ᠤᠯᠠᠨ ᠬᠦᠷᠢᠶᠡᠨ ᠳᠤ ᠬᠤᠯᠪᠣᠭᠳᠠᠵᠠᠢ᠃ ᠨᠢᠭᠡ ᠡᠳᠦᠷ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠤᠷᠢᠳ ᠬᠤᠵᠢᠳ ᠦᠴᠦᠸᠠᠨ ᠤ ᠠᠵᠤ ᠦᠢᠯᠡᠰ ᠤᠨ ᠲᠥᠯᠦᠪᠵᠢᠭᠦᠯᠭᠡ ᠶᠢᠨ ᠦᠵᠡᠭᠦᠯᠦᠯᠭᠡ ᠶᠢᠨ ᠣᠷᠳᠣᠨ᠂ ᠯᠢᠦᠢ ᠭᠧ ᠰᠦ ᠶᠢᠨ ᠦᠢᠯᠡᠰ᠂ ᠵᠦᠩ ᠵᠢᠶᠠᠨ ᠪᠦᠦ ᠺᠣᠮᠫᠠᠨᠢ᠂ ᠰᠢᠨ ᠬᠤᠸᠠ ᠤᠯᠠᠨ ᠤᠯᠤᠰ ᠤᠨ ᠬᠠᠩᠭᠠᠯᠭ᠎ᠠ ᠶᠢᠨ ᠬᠡᠯᠬᠢᠶ᠎ᠡ ︵ᠥᠪᠥᠷ ᠮᠣᠩᠭᠤᠯ︶ ᠶᠢᠨ ᠬᠢᠵᠠᠭᠠᠷᠲᠤ ᠺᠣᠮᠫᠠᠨᠢ᠂ ᠬᠤᠸᠠ ᠯᠠᠢ ᠱᠢ ᠢᠳᠡᠭᠡᠨ ᠤ ᠠᠵᠤ ᠦᠢᠯᠡᠰ ᠤᠨ ᠬᠦᠷᠢᠶᠡᠯᠡᠩ᠂ ᠶᠢᠨ ᠼᠣᠣ ᠶᠤᠸᠠᠨ ᠺᠣᠮᠫᠠᠨᠢ᠂ ᠱᠤ᠋ ᠶᠤᠸᠠᠨ ᠺᠠᠩ ᠺᠣᠮᠫᠠᠨᠢ᠂ ᠵᠢᠶᠧ ᠲᠠᠢ ᠨᠦᠸᠧ ᠺᠣᠮᠫᠠᠨᠢ᠂ ᠶᠠᠨ ᠭᠦ᠋ ᠹᠠᠩ ᠺᠣᠮᠫᠠᠨᠢ᠂ ᠳ᠋ᠠ ᠳ᠋ᠧᠦ ᠫᠦ᠋ ᠲᠣᠰᠬᠤᠨ᠂ ᠰᠢᠦᠢ ᠹᠧᠩ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ᠂ ᠲᠤ ᠶᠤᠸᠠᠨ ᠳ᠋ᠧ ᠱᠧᠩ ᠶᠢᠩ ᠤᠨ ᠮᠣᠲ᠋ᠣᠷ ᠲᠡᠷᠭᠡᠨ ᠤ ᠬᠤᠸᠠᠷᠠᠨ ᠳᠤ ᠬᠦᠷᠴᠦ ᠲᠣᠭᠤᠷᠢᠨ ᠦᠵᠡᠪᠡ᠃
             ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ  
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号