ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ | ᠭᠡᠷ ᠠᠴᠠ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠣᠳᠣᠬᠠᠨ ᠳᠤ | ᠮᠠᠨ ᠤ ᠣᠷᠣᠨ ᠦᠢᠯᠡᠳᠬᠦᠨ ᠤ ᠦᠷᠳᠡᠭ ᠨᠢ ᠮᠢᠩᠭᠠᠨ ᠳ᠋ᠦᠩᠰᠢᠭᠤᠷ ᠲᠥᠭᠦᠷᠢᠭ ᠲᠤ ᠭᠦᠷᠦᠭᠰᠡᠨ 5 ᠬᠦᠷᠢᠶᠡᠯᠡᠩ | ᠲᠣᠭᠤᠷᠢᠭ ᠲᠠᠢ ᠪᠣᠯᠵᠤ᠂ ᠦᠢᠯᠡᠳᠬᠦᠨ ᠤ ᠦᠷᠳᠡᠭ ᠨᠢ 500 ᠳ᠋ᠦᠩᠰᠢᠭᠤᠷ ᠲᠥᠭᠦᠷᠢᠭ ᠢ ᠳᠠᠪᠠᠭᠰᠠᠨ 13 | ᠬᠦᠷᠢᠶᠡᠯᠡᠩ ᠲᠣᠭᠤᠷᠢᠭ ᠲᠠᠢ ᠪᠣᠯᠵᠠᠢ᠃ | ᠬᠦᠷᠢᠶᠡᠯᠡᠩ ᠲᠣᠭᠤᠷᠢᠭ ᠪᠣᠯ ᠦᠢᠯᠡᠳᠬᠦ ᠦᠢᠯᠡᠰ ᠤᠨ ᠬᠥᠭᠵᠢᠯᠲᠡ ᠶᠢ ᠠᠳᠬᠤᠨ᠂ ᠦᠷ᠎ᠡ ᠠᠰᠢᠭ ᠢ ᠨᠢ | ᠨᠡᠮᠡᠭᠳᠡᠭᠦᠯᠬᠦ ᠭᠤᠣᠯ ᠳᠠᠶᠢᠯᠠᠯᠳᠤᠭᠠᠨ ᠤ ᠲᠠᠯᠠᠪᠤᠷ᠂ ᠭᠤᠣᠯ ᠵᠢᠭᠰᠠᠭᠠᠯ ᠤᠨ ᠭᠠᠵᠠᠷ ᠪᠣᠯᠣᠨ᠎ᠠ᠃ ᠮᠠᠨ ᠤ ᠣᠷᠣᠨ ᠮᠦ | ᠳᠤᠮᠳᠠᠴᠢ ᠶᠢᠨ ᠦᠷ᠎ᠡ ᠠᠰᠢᠭ ᠤᠨ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠤᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠂ ᠠᠷᠠᠯᠵᠢᠶᠠᠴᠢᠨ ᠤᠷᠢᠵᠤ ᠲᠦᠷᠦᠯ ᠵᠦᠢᠯ ᠣᠷᠣᠭᠤᠯᠤᠨ ᠠᠪᠴᠢᠷᠠᠬᠤ ᠠᠵᠢᠯ ᠢ ᠶᠡᠭᠡ ᠪᠠᠷ | ᠥᠷᠨᠢᠭᠦᠯᠵᠦ᠂ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠲᠦᠪᠰᠢᠨ ᠪᠠ ᠬᠥᠭᠵᠢᠯᠲᠡ | ᠶᠢᠨ ᠶᠠᠰᠤ ᠴᠢᠨᠠᠷ ᠢ ᠳᠡᠭᠡᠭᠰᠢᠯᠡᠭᠦᠯᠦᠭᠰᠡᠨ ᠢᠶᠠᠷ ᠣᠳᠣᠬᠠᠨ ᠳᠤ ᠪᠦᠭᠦ ᠣᠷᠣᠨ ᠤ 56 ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠦᠢᠯᠡᠳᠬᠦᠨ ᠤ ᠦᠷᠳᠡᠭ ᠨᠢ ᠪᠦᠭᠦ ᠠᠵᠤ ᠦᠢᠯᠡᠳᠪᠦᠷᠢ ᠶᠢᠨ ᠦᠢᠯᠡᠳᠬᠦᠨ ᠤ | ᠦᠷᠳᠡᠭ ᠤᠨ 75% ᠠᠴᠠ ᠳᠡᠭᠡᠭᠰᠢᠬᠢ ᠶᠢ ᠡᠵᠡᠯᠡᠵᠦ ᠪᠠᠶᠢᠨ᠎ᠠ᠃ ᠮᠠᠨ ᠤ ᠣᠷᠣᠨ ᠪᠠᠰᠠ ᠬᠦᠷᠢᠶᠡᠯᠡᠩ ᠲᠣᠭᠤᠷᠢᠭ | ᠤᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠱᠠᠯᠠᠪᠳᠠᠨ ᠨᠥᠬᠦᠪᠦᠷᠢᠯᠡᠵᠦ᠂ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠪᠣᠬᠢᠷ ᠤᠰᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠬᠤᠭᠤᠯᠠᠢ ᠭᠤᠤᠷᠰᠤ᠂ | ᠪᠠᠷᠢᠮᠵᠢᠶᠠᠵᠢᠭᠰᠠᠨ ᠦᠢᠯᠡᠳᠪᠦᠷᠢ ᠶᠢᠨ ᠲᠠᠰᠤᠭ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ | ᠶᠢᠨ ᠲᠦᠷᠦᠯ ᠵᠦᠢᠯ ᠢ ᠭᠤᠣᠯᠳᠠᠯᠭ᠎ᠠ ᠲᠠᠢ ᠳᠡᠮᠵᠢᠭᠰᠡᠨ ᠢᠶᠠᠷ 4 ᠰᠠᠷ᠎ᠠ ᠶᠢᠨ ᠰᠡᠭᠦᠯᠴᠢ ᠪᠤᠯᠬᠤ ᠳᠤ ᠡᠯ᠎ᠡ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠨᠡᠶᠢᠳᠡ ᠡᠳᠦᠷ ᠤᠨ 91 ᠲᠦᠮᠡᠨ ᠳᠤᠨ ᠤ ᠪᠣᠬᠢᠷ ᠤᠰᠤ | ᠰᠢᠢᠳᠪᠦᠷᠢᠯᠡᠬᠦ ᠴᠢᠳᠠᠪᠤᠷᠢ ᠪᠣᠯᠣᠨ 3.2 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠪᠠᠭᠲᠠᠭᠠᠮᠵᠢ ᠪᠦᠬᠦᠢ | ᠰᠢᠭᠠᠷᠤᠭ ᠤᠨ ᠲᠠᠯᠠᠪᠤᠷ᠂ 2479 ᠲᠦᠮᠡᠨ ᠲᠡᠭᠰᠢ ᠳᠥᠷᠪᠡᠯᠵᠢᠨ ᠮᠧᠲᠷ ᠤᠨ ᠳᠤᠯᠠᠭᠠᠯᠠᠭ᠎ᠠ ᠬᠠᠩᠭᠠᠬᠤ ᠲᠠᠯᠠᠪᠠᠢ᠂ | 1906 ᠺᠢᠯᠣᠮᠧᠲᠷ ᠬᠤᠭᠤᠯᠠᠢ ᠭᠤᠤᠷᠰᠤ᠂ 230 ᠲᠦᠮᠡᠨ ᠲᠡᠭᠰᠢ ᠳᠥᠷᠪᠡᠯᠵᠢᠨ ᠮᠧᠲᠷ ᠤᠨ ᠪᠠᠷᠢᠮᠵᠢᠶᠠᠵᠢᠭᠰᠠᠨ | ᠦᠢᠯᠡᠳᠪᠦᠷᠢ ᠶᠢᠨ ᠲᠠᠰᠤᠭ ᠨᠡᠮᠡᠭᠳᠡᠵᠦ᠂ ᠨᠢᠭᠡᠳᠦᠭᠡᠷ ᠲᠦᠷᠦᠯ ᠤᠨ ᠬᠦᠷᠢᠶᠡᠯᠡᠩ ᠲᠣᠭᠤᠷᠢᠭ ᠲᠤ ︽ᠲᠤᠯᠤᠭ᠎ᠠ ᠶᠢ | ᠨᠠᠪᠲᠠᠷᠡᠭᠦᠯᠵᠦ ᠨᠢᠭᠡ ᠶᠢ ᠲᠡᠭᠰᠢᠬᠡᠨ ᠪᠠᠶᠢᠯᠭᠠᠬᠤ︾ ᠶᠢ ᠪᠡᠶᠡᠯᠡᠭᠦᠯᠵᠦ᠂ ᠬᠤᠶᠠᠳᠤᠭᠠᠷ ᠲᠦᠷᠦᠯ ᠤᠨ ᠬᠦᠷᠢᠶᠡᠯᠡᠩ | ᠲᠣᠭᠤᠷᠢᠭ ᠲᠤ ︽ᠲᠠᠪᠤ ᠶᠢ ᠨᠠᠪᠲᠠᠷᠡᠭᠦᠯᠵᠦ ᠨᠢᠭᠡ ᠶᠢ ᠲᠡᠭᠰᠢᠬᠡᠨ ᠪᠠᠶᠢᠯᠭᠠᠬᠤ︾ ᠶᠢ ᠪᠡᠶᠡᠯᠡᠭᠦᠯᠪᠡ᠃ ᠣᠳᠣᠬᠠᠨ ᠳᠤ | ᠪᠦᠭᠦ ᠣᠷᠣᠨ ᠤ ᠨᠡᠭᠡᠭᠡᠯᠲᠡ ᠶᠢᠨ ᠲᠣᠭᠤᠷᠢᠭ ᠤᠨ ᠰᠤᠯᠠ ᠲᠠᠯᠪᠢᠭᠳᠠᠵᠤ ᠪᠠᠶᠢᠭ᠎ᠠ ᠡᠬᠢ ᠪᠠᠶᠠᠯᠢᠭ ᠤᠨ ᠬᠦᠴᠦᠨ | ᠵᠦᠢᠯ ᠢ ᠲᠤᠶᠢᠯᠪᠤᠷᠢᠲᠠᠢ ᠪᠠᠶᠢᠴᠠᠭᠠᠬᠤ ᠠᠵᠢᠯᠯᠠᠭ᠎ᠠ ᠶᠢᠨ 90% ᠠᠴᠠ ᠳᠡᠭᠡᠭᠰᠢᠬᠢ ᠠᠵᠢᠯ ᠢ ᠨᠢᠭᠡᠨᠲᠡ | ᠪᠡᠶᠡᠯᠡᠭᠦᠯᠵᠦ᠂ ᠡᠨᠡ ᠵᠢᠯ ᠡᠯ᠎ᠡ ᠵᠦᠢᠯ ᠤᠨ ᠡᠭᠦᠷᠭᠡ ᠪᠠᠨ ᠪᠦᠭᠦᠨ ᠢ ᠪᠡᠶᠡᠯᠡᠭᠦᠯᠦᠨ᠂ ᠰᠤᠯᠠᠯᠠᠵᠤ ᠭᠠᠷᠭᠠᠭᠰᠠᠨ ᠡᠬᠢ | ᠪᠠᠶᠠᠯᠢᠭ ᠤᠨ ᠬᠦᠴᠦᠨ ᠵᠦᠢᠯ ᠢ ᠰᠢᠯᠢᠳᠡᠭ ᠠᠵᠤ ᠠᠬᠤᠶᠢᠯᠠᠯ᠂ ᠰᠢᠯᠢᠳᠡᠭ ᠰᠠᠶᠢᠨ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠪᠦᠭᠦ ᠲᠠᠯ᠎ᠠ ᠪᠠᠷ ᠪᠠᠲᠤᠯᠠᠬᠤ ᠳᠤ ᠬᠡᠷᠡᠭᠯᠡᠬᠦ ᠪᠣᠯᠣᠨ᠎ᠠ᠃ | |