ᠮᠠᠨ ᠤ ᠣᠷᠣᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ  ᠳᠤ ᠲᠣᠬᠢᠷᠠᠭᠤᠯᠤᠯᠲᠠ ᠬᠢᠵᠡᠢ
ᠨᠡᠶᠢᠲᠡᠯᠡᠭᠰᠡᠨ ᠴᠠᠭ᠄
2023/7/20
     ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢᠨ ᠪᠡᠯᠡ ᠮᠥᠩᠭᠦᠨ ᠤ ᠲᠥᠪ ᠠᠴᠠ ᠮᠠᠨ ᠤ ᠣᠷᠣᠨ ᠤ ᠬᠡᠰᠡᠭ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠦᠷᠦ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠪᠡ᠃      ᠣᠶᠢᠯᠠᠭᠠᠭᠰᠠᠨ ᠢᠶᠠᠷ᠂ ᠲᠤᠰ ᠤᠳᠠᠭᠠᠨ ᠤ ᠲᠣᠬᠢᠷᠠᠭᠤᠯᠤᠯᠲᠠ ᠳᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ   ᠶᠢᠨ ᠬᠠᠮᠤᠭ ᠤᠨ ᠥᠨᠳᠥᠷ ᠵᠢᠭᠡᠯᠡᠯᠭᠡ ᠶᠢᠨ ᠬᠡᠮᠵᠢᠶ᠎ᠡ ᠶᠢ 80 ᠲᠦᠮᠡᠨ ᠲᠥᠭᠦᠷᠢᠭ ᠪᠠᠶᠢᠭᠰᠠᠨ ᠠᠴᠠ 100 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠪᠡ᠃ ᠡᠭᠦᠨ ᠳᠤ᠂ ᠤᠯᠠᠨ ᠦᠷ᠎ᠡ ᠬᠡᠦᠬᠡᠳ ᠲᠠᠢ ᠨᠥᠬᠦᠴᠡᠯ ᠳᠤ ᠨᠡᠶᠢᠴᠡᠬᠦ ᠭᠡᠷ ᠪᠦᠯᠢ ᠶᠢᠨ ᠬᠢᠨ ᠤ ᠦᠪᠡᠰᠦᠪᠡᠨ ᠰᠠᠭᠤᠬᠤ ᠣᠷᠣᠨ ᠰᠠᠭᠤᠴᠠ ᠬᠤᠳᠠᠯᠳᠤᠨ ᠠᠪᠬᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠡᠮᠵᠢᠶ᠎ᠡ ᠶᠢ ᠬᠠᠮᠤᠭ ᠤᠨ ᠥᠨᠳᠥᠷ ᠵᠢᠭᠡᠯᠡᠯᠭᠡ ᠶᠢᠨ ᠬᠢᠵᠠᠭᠠᠷ ᠲᠤᠭ᠎ᠠ ᠶᠢ ᠤᠳᠤ ᠶᠢᠨ ᠬᠡᠷᠡᠭᠵᠢᠭᠦᠯᠵᠦ ᠪᠠᠶᠢᠭ᠎ᠠ ᠬᠠᠮᠤᠭ ᠤᠨ ᠥᠨᠳᠥᠷ ᠵᠢᠭᠡᠯᠡᠯᠭᠡ ᠶᠢᠨ ᠬᠡᠮᠵᠢᠶ᠎ᠡ ᠶᠢᠨ ᠰᠠᠭᠤᠷᠢᠨ ᠳᠡᠭᠡᠷ᠎ᠡ 10% ᠪᠠᠷ ᠨᠡᠮᠡᠭᠳᠡᠭᠦᠯᠪᠡ᠃ ᠳᠠᠷᠤᠢ ᠬᠠᠮᠤᠭ ᠤᠨ ᠥᠨᠳᠥᠷ ᠲᠡᠭᠡᠨ 110 ᠲᠦᠮᠡᠨ ᠲᠥᠭᠦᠷᠢᠭ ᠵᠢᠭᠡᠯᠡᠵᠦ ᠪᠣᠯᠣᠨ᠎ᠠ᠃ ᠭᠡᠷ ᠪᠠᠶᠢᠰᠢᠩ ᠦᠭᠡᠢ ᠲᠤᠰᠢᠶᠠᠨ ᠬᠠᠳᠠᠭᠠᠯᠠᠭᠤᠯᠵᠤ ᠪᠠᠶᠢᠭ᠎ᠠ ᠠᠵᠢᠯᠲᠠᠨ ᠠᠵᠢᠯᠴᠢᠨ ᠤ ᠭᠡᠷ ᠪᠠᠶᠢᠰᠢᠩ ᠲᠦᠷᠢᠶᠡᠰᠦᠯᠡᠬᠦ ᠪᠠᠷ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠭᠠᠷᠭᠠᠨ ᠠᠪᠬᠤ ᠬᠡᠮᠵᠢᠶ᠎ᠡ ᠶᠢ ᠵᠢᠯ ᠪᠦᠷᠢ ᠬᠥᠮᠥᠨ ᠪᠦᠷᠢ 12000 ᠲᠥᠭᠦᠷᠢᠭ ᠭᠠᠷᠭᠠᠨ ᠠᠪᠴᠤ ᠪᠤᠯᠬᠤ ᠪᠠᠶᠢᠭᠰᠠᠨ ᠢ ᠵᠢᠯ ᠪᠦᠷᠢ ᠬᠥᠮᠥᠨ ᠪᠦᠷᠢ 14000 ᠲᠥᠭᠦᠷᠢᠭ ᠪᠣᠯᠭᠠᠨ ᠨᠡᠮᠡᠭᠳᠡᠭᠦᠯᠪᠡ᠃      ᠮᠠᠨ ᠤ ᠣᠷᠣᠨ ᠤ ᠲᠤᠰ ᠤᠳᠠᠭᠠᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠦᠷᠦ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠭᠰᠡᠨ ᠨᠢ ᠥᠷᠭᠡᠨ ᠤᠯᠠᠨ ᠲᠤᠰᠢᠶᠠᠨ ᠬᠠᠳᠠᠭᠠᠯᠠᠭᠤᠯᠵᠤ ᠪᠠᠶᠢᠭ᠎ᠠ  ᠠᠵᠢᠯᠲᠠᠨ ᠠᠵᠢᠯᠴᠢᠨ ᠤ ᠵᠠᠪᠠᠯ ᠬᠡᠷᠡᠭᠰᠡᠬᠦ ᠣᠷᠣᠨ ᠰᠠᠭᠤᠴᠠ ᠵᠢᠴᠢ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ  ᠬᠡᠷᠡᠭᠴᠡᠭᠡ ᠱᠠᠭᠠᠷᠳᠠᠯᠭ᠎ᠠ ᠶᠢ ᠴᠢᠨᠠᠭᠰᠢᠳᠠ ᠬᠠᠩᠭᠠᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠦᠷᠢᠮ ᠤᠨ ᠪᠠᠲᠤᠯᠠᠭ᠎ᠠ ᠶᠢᠨ ᠦᠢᠯᠡᠳᠦᠯ ᠢ ᠨᠡᠩ ᠶᠡᠭᠡ ᠬᠡᠮᠵᠢᠶ᠎ᠡ ᠪᠠᠷ ᠪᠠᠳᠠᠷᠠᠭᠤᠯᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号