ᠮᠠᠨ ᠤ ᠣᠷᠣᠨ ᠤ ᠵᠠᠰᠠᠮᠠᠯ ᠵᠠᠮ ᠤᠰᠤᠨ ᠵᠠᠮ ᠤᠨ ᠵᠠᠮ ᠬᠠᠷᠢᠯᠴᠠᠭᠠᠨ ᠤ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠳᠠ 128 ᠳ᠋ᠦᠩᠰᠢᠭᠤᠷ ᠲᠥᠭᠦᠷᠢᠭ ᠢ ᠳᠠᠪᠠᠵᠠᠢ
ᠨᠡᠶᠢᠲᠡᠯᠡᠭᠰᠡᠨ ᠴᠠᠭ᠄
2023/7/20
     ᠡᠨᠡ ᠵᠢᠯ ᠠᠴᠠ ᠨᠠᠭᠠᠰᠢ᠂ ᠮᠠᠨ ᠤ ᠣᠷᠣᠨ ︽ᠵᠡᠭᠦᠨ ᠪᠠᠷᠠᠭᠤᠨ ᠡᠮᠦᠨ᠎ᠡ ᠤᠮᠠᠷ᠎ᠠ ᠶᠢ ᠬᠤᠯᠪᠣᠭᠰᠠᠨ᠂ ᠪᠡᠭᠡᠵᠢᠩ  ᠳᠤ ᠰᠢᠭᠤᠳ ᠨᠡᠪᠲᠡᠷᠡᠭᠰᠡᠨ᠂ ᠨᠠᠢᠮᠠᠨ ᠮᠤᠵᠢ ᠶᠢ ᠰᠠᠭᠠᠳ ᠦᠭᠡᠢ ᠬᠤᠯᠪᠣᠭᠰᠠᠨ᠂ ᠬᠢᠯᠢ ᠬᠢᠵᠠᠭᠠᠷ ᠪᠠ ᠳᠠᠯᠠᠶ ᠲᠠᠩᠭᠢᠰ  ᠲᠤ ᠭᠦᠷᠦᠭᠰᠡᠨ᠂ ᠬᠤᠲᠠ ᠬᠥᠳᠡᠭᠡ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠣᠷ ᠢ ᠪᠦᠭᠦ ᠬᠦᠴᠦᠨ ᠢᠶᠠᠷ ᠪᠠᠶᠢᠭᠤᠯᠬᠤ︾ ᠬᠥᠭᠵᠢᠯᠲᠡ ᠶᠢᠨ ᠰᠡᠳᠬᠢᠴᠡ ᠶᠣᠰᠣᠭᠠᠷ᠂ ᠵᠠᠮ ᠬᠠᠷᠢᠯᠴᠠᠭᠠᠨ ᠤ ᠲᠣᠣᠷ ᠢ ᠬᠤᠯᠪᠣᠬᠤ᠂ ᠵᠠᠮ ᠬᠠᠷᠢᠯᠴᠠᠭᠠᠨ ᠤ ᠲᠣᠣᠷ ᠢ ᠨᠥᠬᠦᠪᠦᠷᠢᠯᠡᠬᠦ ᠶᠢ ᠲᠦᠷᠭᠡᠳᠬᠡᠵᠦ᠂ ᠪᠦᠲᠦᠮᠵᠢᠲᠡᠶ ᠪᠡᠯᠡ ᠣᠷᠣᠭᠤᠯᠤᠯᠲᠠ ᠶᠢ ᠢᠳᠡᠪᠬᠢᠲᠡᠢ ᠥᠷᠭᠡᠳᠬᠡᠭᠰᠡᠨ ᠪᠠᠶᠢᠨ᠎ᠠ᠃      ᠣᠶᠢᠯᠠᠭᠠᠭᠰᠠᠨ ᠢᠶᠠᠷ᠂ 1 - 6 ᠰᠠᠷ᠎ᠠ ᠪᠤᠯᠲᠠᠯ᠎ᠠ ᠪᠦᠭᠦ ᠣᠷᠣᠨ ᠤ ᠵᠠᠰᠠᠮᠠᠯ ᠵᠠᠮ ᠤᠰᠤᠨ ᠵᠠᠮ ᠤᠨ ᠵᠠᠮ ᠬᠠᠷᠢᠯᠴᠠᠭᠠᠨ ᠤ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠳᠠ 128.3 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 23.9% ᠪᠠᠷ ᠨᠡᠮᠡᠭᠳᠡᠪᠡ᠃ ᠡᠭᠦᠨ ᠳᠤ᠂ ᠲᠦᠷᠭᠡᠨ ᠤ ᠵᠠᠰᠠᠮᠠᠯ ᠵᠠᠮ ᠳᠤ 72.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠭᠤᠣᠯ ᠱᠤᠭᠤᠮ ᠤᠨ ᠵᠠᠮ ᠤᠨ ᠲᠣᠣᠷ ᠲᠤ 35.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ᠂ ᠬᠥᠳᠡᠭᠡ ᠲᠣᠰᠬᠤᠨ ᠤ ᠵᠠᠰᠠᠮᠠᠯ ᠵᠠᠮ ᠳᠤ 18.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠵᠥᠭᠡᠭᠡᠪᠦᠷᠢ ᠶᠢᠨ ᠥᠷᠲᠡᠭᠡ ᠲᠠᠯᠠᠪᠤᠷ ᠲᠤ 1.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠪᠤᠰᠤᠳ ᠲᠥᠷᠥᠯ ᠵᠦᠢᠯ ᠳᠤ 3000 ᠲᠦᠮᠡᠨ ᠲᠥᠭᠦᠷᠢᠭ  ᠤᠨ ᠪᠡᠯᠡ ᠣᠷᠣᠭᠤᠯᠵᠠᠢ᠃       ᠮᠠᠨ ᠤ ᠣᠷᠣᠨ ᠪᠡᠯᠡ ᠣᠷᠣᠭᠤᠯᠤᠯᠲᠠ ᠶᠢ ᠪᠡᠶᠡᠯᠡᠭᠦᠯᠵᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ  ᠶᠢ ᠲᠦᠷᠭᠡᠳᠬᠡᠨ ᠠᠬᠢᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠨᠠᠷᠢᠨ ᠲᠠᠩᠰᠠ ᠶᠢᠨ ᠲᠣᠬᠢᠷᠠᠭᠤᠯᠤᠯᠲᠠ  ᠶᠢ ᠬᠡᠷᠡᠭᠵᠢᠭᠦᠯᠵᠦ᠂ ︽2023 ᠣᠨ ᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ︾ ᠪᠠᠭᠤᠯᠭᠠᠨ᠂ ︽ᠭᠠᠷᠠᠭ  ᠢᠶᠠᠷ ᠲᠣᠬᠢᠷᠠᠭᠤᠯᠬᠤ᠂ ᠰᠠᠷ᠎ᠠ ᠪᠠᠷ ᠮᠡᠳᠡᠭᠦᠯᠬᠦ᠂ ᠤᠯᠠᠷᠢᠯ ᠢᠶᠠᠷ ᠰᠢᠯᠭᠠᠨ ᠦᠨᠡᠯᠡᠬᠦ︾ ᠠᠷᠭ᠎ᠠ ᠭᠡᠯᠪᠡᠷᠢ ᠪᠠᠷ ᠲᠠᠮᠵᠢᠨ ᠭᠠᠷᠠᠭ ᠪᠦᠷᠢ ᠠᠬᠢᠴᠠ ᠶᠢᠨ ᠲᠣᠬᠢᠷᠠᠭᠤᠯᠤᠯᠲᠠ ᠬᠢᠵᠦ᠂ ᠰᠠᠷ᠎ᠠ ᠪᠦᠷᠢ ᠳ᠋ᠦᠩᠨᠡᠨ ᠦᠨᠡᠯᠡᠵᠦ᠂ ᠤᠯᠠᠷᠢᠯ ᠪᠦᠷᠢ ᠬᠤᠪᠢ ᠥᠭᠴᠦ ᠵᠢᠬᠰᠠᠭᠠᠪᠠ; ᠪᠠᠲᠤᠯᠠᠭ᠎ᠠ ᠶᠢᠨ ᠬᠦᠴᠦᠨ ᠵᠦᠢᠯ ᠪᠣᠯᠣᠨ ᠪᠡᠯᠡ ᠮᠥᠩᠭᠦ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠶᠢᠨ ᠬᠠᠮᠲᠤ ᠠᠶᠢᠮᠠᠭ ᠬᠤᠲᠠ ᠶᠢ ᠰᠢᠪᠠᠳᠠᠭᠤᠯᠵᠤ ᠪᠠᠶᠢᠭᠠᠳ ᠣᠷᠣᠨ ᠨᠤᠲᠤᠭ ᠤᠨ ᠢᠵᠢ ᠪᠦᠷᠢᠳᠦᠭᠦᠯᠬᠦ ᠪᠡᠯᠡ ᠮᠥᠩᠭᠦ ᠶᠢ ᠨᠠᠶᠢᠳᠠᠪᠤᠷᠢᠵᠢᠭᠤᠯᠪᠠ; ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠪᠠᠲᠤᠯᠠᠭ᠎ᠠ ᠪᠣᠯᠣᠨ ᠣᠷᠣᠨ ᠨᠤᠲᠤᠭ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠣᠢ ᠰᠢᠭᠤᠢ ᠨᠤᠲᠤᠭ ᠪᠡᠯᠴᠢᠭᠡᠷ᠂ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ᠂ ᠲᠠᠷᠢᠶᠠᠨ ᠭᠠᠵᠠᠷ ᠢ ᠨᠥᠬᠦᠪᠦᠷᠢᠯᠡᠬᠦ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠵᠡᠷᠭᠡ ᠶᠢᠨ ᠭᠠᠷ ᠭᠦᠢᠴᠡᠳᠬᠡᠯ ᠤᠨ ᠡᠪᠬᠡᠮᠡᠯ ᠢ ᠮᠡᠳᠡᠭᠦᠯᠦᠨ ᠵᠥᠪᠰᠢᠶᠡᠷᠡᠭᠦᠯᠬᠦ  ᠶᠢ ᠲᠦᠷᠭᠡᠳᠬᠡᠵᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号