ᠮᠠᠨ ᠤ ᠣᠷᠣᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠲᠦᠷᠭᠡᠳᠬᠡᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/7/20
     ︽ᠮᠠᠨ ᠤ ᠣᠷᠣᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠲᠦᠷᠭᠡᠳᠬᠡᠨ ᠠᠬᠢᠭᠤᠯᠵᠤ᠂ 24 ᠥᠪᠡᠷᠲᠡᠭᠡᠨ ᠵᠠᠰᠠᠬᠤ ᠣᠷᠣᠨ ᠤ ᠱᠠᠲᠤᠨ ᠤ ᠲᠤᠰᠬᠠᠢ ᠮᠡᠷᠭᠡᠵᠢᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡ᠂ 8 ᠠᠭᠠᠷ ᠤᠨ ᠣᠨᠴᠠ ᠦᠢᠯᠡᠴᠢᠯᠡᠭᠡᠨ ᠤ ᠭᠠᠪᠰᠢᠭᠠᠢ ᠠᠩᠭᠢ ᠶᠢ ᠲᠥᠷᠥᠯ ᠬᠤᠪᠢᠶᠠᠨ ᠵᠣᠬᠢᠶᠠᠨ ᠪᠠᠶᠢᠭᠤᠯᠪᠠ᠃ ᠪᠠᠰᠠ 509 ᠣᠷᠣᠨ ᠨᠤᠲᠤᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡ ᠶᠢ ᠤᠯᠤᠰ ᠤᠨ ᠣᠨᠴᠠ ᠬᠦᠨᠳᠦ ᠶᠡᠭᠡ ᠭᠠᠮᠰᠢᠭ ᠢ ᠠᠷᠭᠠᠴᠠᠭᠠᠨ ᠵᠢᠯᠤᠭᠤᠳᠬᠤ ᠭᠠᠵᠠᠷ ᠤᠨ ᠲᠤᠬᠠᠢ ᠶᠢᠨ ᠲᠠᠯᠠᠪᠠᠶ ᠶᠢᠨ ᠵᠣᠬᠢᠴᠠᠭᠤᠯᠤᠨ ᠪᠠᠲᠤᠯᠠᠬᠤ ᠰᠢᠰᠲ᠋ᠧᠮ ᠳᠤ ᠣᠷᠣᠭᠤᠯᠵᠤ ᠲᠣᠬᠢᠷᠠᠭᠤᠯᠤᠨ ᠬᠠᠮᠢᠶᠠᠷᠴᠤ ᠪᠠᠶᠢᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠳᠡᠳ᠋ ᠳᠠᠷᠤᠭ᠎ᠠ ᠰᠢᠩ ᠭᠦᠸᠧ ᠰᠢᠶᠠᠨ ᠲᠠᠨᠢᠯᠴᠠᠭᠤᠯᠤᠨ᠎ᠠ᠃      7 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ  ᠤ ᠠᠯᠪᠠᠨ ᠭᠡᠷ ︽ᠬᠤᠶᠠᠷ ᠶᠡᠭᠡ ᠶᠠᠪᠤᠳᠠᠯ ᠢᠶᠠᠷ ᠭᠤᠣᠯ ᠭᠠᠷᠳᠠᠴᠠ ᠪᠣᠯᠭᠠᠨ ᠥᠪᠥᠷ ᠮᠣᠩᠭᠤᠯ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ︾ ᠭᠤᠣᠯ ᠰᠡᠳᠦᠪᠲᠦ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ︵ᠠᠷᠪᠠᠨ ᠲᠠᠪᠤᠳᠤᠭᠠᠷ ᠲᠠᠯᠠᠪᠤᠷ︶ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠲᠤᠰᠬᠠᠢ ᠲᠠᠯᠠᠪᠤᠷ ᠬᠤᠷᠠᠯ ᠢ ᠬᠤᠷᠠᠯᠳᠤᠭᠤᠯᠵᠤ᠂ ᠡᠯ᠎ᠡ ᠲᠦᠷᠦᠯ ᠤᠨ ᠠᠳᠡᠯ ᠭᠠᠮᠰᠢᠭ ᠢ ᠴᠠᠭ ᠲᠤᠬᠠᠢ ᠳᠤᠨᠢ ᠠᠷᠭᠠᠴᠠᠭᠠᠨ ᠰᠢᠢᠳᠪᠦᠷᠢᠯᠡᠵᠦ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠦᠢᠯᠡᠴᠢᠯᠡᠭᠡ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠭᠰᠠᠨ ᠲᠤᠬᠠᠢ ᠲᠠᠨᠢᠯᠴᠠᠭᠤᠯᠤᠭᠰᠠᠨ ᠪᠥᠭᠡᠳ ᠰᠤᠷᠪᠤᠯᠵᠢᠯᠠᠬᠴᠢᠳ ᠤᠨ ᠠᠰᠠᠭᠤᠯᠳᠠ ᠶᠢ ᠬᠠᠷᠢᠭᠤᠯᠪᠠ᠃      ᠮᠠᠨ ᠤ ᠣᠷᠣᠨ ᠡᠨᠡ ᠵᠢᠯ ᠠᠴᠠ ᠨᠠᠭᠠᠰᠢ ᠤᠷᠢᠳ ᠬᠤᠵᠢᠳ ᠣᠢ ᠰᠢᠭᠤᠢ ᠪᠠ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠵᠢᠯᠤᠭᠤᠳᠬᠤ ᠭᠠᠵᠠᠷ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠤᠭᠤᠳᠬᠤ ᠭᠠᠵᠠᠷ ᠪᠣᠯᠣᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠨ ᠭᠠᠮᠰᠢᠭ ᠠᠴᠠ ᠠᠪᠤᠷᠠᠬᠤ ᠵᠢᠯᠤᠭᠤᠳᠬᠤ ᠭᠠᠵᠠᠷ ᠤᠨ ᠠᠵᠢᠯ ᠤᠨ ᠳᠦᠷᠢᠮ ᠢ ᠲᠣᠭᠲᠠᠭᠠᠨ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠳᠣᠣᠷ᠎ᠠ ᠲᠣᠬᠢᠷᠠᠭᠤᠯᠤᠭᠰᠠᠨ 8 ᠲᠤᠰᠬᠠᠢ ᠮᠡᠷᠭᠡᠵᠢᠯ ᠤᠨ ᠵᠥᠪᠯᠡᠯ  ᠤᠨ ᠪᠦᠷᠢᠯᠳᠦᠭᠦᠨ ᠪᠣᠯᠣᠨ ᠠᠵᠢᠯᠯᠠᠭᠠᠨ ᠤ ᠲᠣᠭᠲᠠᠴᠠ ᠳᠤ ᠲᠣᠬᠢᠷᠠᠭᠤᠯᠤᠯᠲᠠ ᠬᠢᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠣᠯᠠᠨ ᠲᠤᠰᠬᠠᠢ ᠲᠦᠷᠦᠯ ᠤᠨ ᠪᠡᠯᠡᠳᠬᠡᠯ ᠲᠥᠰᠥᠯ ᠪᠣᠯᠣᠨ 12 ᠠᠶᠢᠮᠠᠭ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠢ ᠲᠥᠰᠥᠯ ᠢ ᠨᠡᠶᠢᠲᠡᠯᠡᠬᠦ  ᠶᠢ ᠠᠬᠢᠭᠤᠯᠵᠤ᠂ ᠠᠳᠡᠯ ᠭᠠᠮᠰᠢᠭ ᠤᠨ ᠤᠳᠤᠷᠢᠳᠤᠨ ᠵᠢᠯᠤᠭᠤᠳᠬᠤ ᠪᠠᠶᠢᠭᠤᠯᠤᠮᠵᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ ᠪᠦᠭᠦ ᠣᠷᠣᠨ ᠤ ᠬᠡᠪᠴᠢᠶᠡᠨ ᠳᠤ ᠠᠶᠤᠯᠭᠦᠢ ᠦᠢᠯᠡᠳᠪᠦᠷᠢᠯᠡᠯ ᠤᠨ ᠶᠡᠭᠡ ᠵᠢᠭᠰᠠᠭᠠᠨ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠦᠨᠳᠦ ᠶᠡᠭᠡ ᠠᠳᠡᠯ ᠤᠨ ᠭᠡᠮ ᠰᠣᠭᠤᠭ ᠢ ᠲᠤᠰᠬᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ 2023 ᠣᠨ ᠤ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠵᠦ᠂ ᠨᠡᠭᠦᠷᠡᠰᠦᠨ ᠠᠭᠤᠷᠬᠠᠢ᠂ ᠨᠡᠭᠦᠷᠡᠰᠦᠨ ᠤ ᠪᠤᠰᠤ ᠠᠭᠤᠷᠬᠠᠢ᠂ ᠠᠶᠤᠯᠲᠠᠢ ᠬᠢᠮᠢ ᠶᠢᠨ ᠵᠦᠢᠯ᠂ ᠵᠠᠮ ᠬᠠᠷᠢᠯᠴᠠᠭ᠎ᠠ᠂ ᠰᠢᠲᠠᠮᠠᠬᠠᠢ ᠬᠡᠢ᠂  ᠭᠠᠯ ᠤᠨᠲᠠᠷᠠᠭᠠᠬᠤ ᠪᠠ ᠲᠡᠮᠦᠷᠯᠢᠭ ᠬᠠᠶᠢᠯᠤᠭᠤᠯᠬᠤ ᠠᠵᠤ ᠦᠢᠯᠡᠳᠪᠦᠷᠢ ᠠᠷᠠᠯᠵᠢᠶ᠎ᠠ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠤ ᠬᠦᠨᠳᠦ ᠣᠨᠴᠠ ᠶᠡᠭᠡ ᠠᠳᠡᠯ ᠢ ᠰᠡᠷᠭᠡᠶᠢᠯᠡᠨ ᠡᠵᠡᠮᠳᠡᠬᠦ ᠪᠦᠳᠦᠮᠵᠢᠳᠠᠢ ᠠᠷᠭ᠎ᠠ ᠬᠡᠮᠵᠢᠶ᠎ᠡ ᠲᠣᠭᠲᠠᠭᠠᠬᠤ ᠶᠢ ᠠᠬᠢᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠱᠠᠯᠠᠪᠳᠠᠭᠤᠯᠤᠨ ᠵᠢᠯᠤᠭᠤᠳᠴᠤ ᠪᠠᠶᠢᠴᠠᠭᠠᠬᠤ ᠳᠤ ᠢᠯᠡᠷᠡᠭᠦᠯᠦᠭᠰᠡᠨ ᠭᠤᠣᠯᠳᠠᠯᠭ᠎ᠠ  ᠲᠠᠢ ᠠᠰᠠᠭᠤᠳᠠᠯ᠂ ᠬᠦᠨᠳᠦ ᠶᠡᠭᠡ ᠭᠡᠮ ᠰᠣᠭᠤᠭ ᠲᠤ ᠨᠠᠷᠢᠨ ᠳᠠᠩᠰᠠ ᠪᠠᠶᠢᠭᠤᠯᠵᠤ᠂ ᠪᠢᠲᠡᠭᠦᠮᠵᠢᠯᠡᠨ ᠴᠡᠭᠴᠡᠯᠡᠨ ᠰᠠᠶᠢᠵᠢᠷᠠᠭᠤᠯᠵᠤ ᠳᠠᠩᠰᠠᠨ ᠠᠴᠠ ᠭᠠᠷᠭᠠᠬᠤ ᠶᠢ ᠬᠡᠷᠡᠭᠵᠢᠭᠦᠯᠪᠡ᠃      ᠮᠠᠨ ᠤ ᠣᠷᠣᠨ ᠪᠠᠰᠠ ᠠᠩᠬᠠᠳᠤᠭᠠᠷ ᠤᠳᠠᠭᠠᠨ ᠤ ᠪᠦᠭᠦ ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠭᠦ ᠣᠷᠣᠨ ᠤ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢᠨ ᠭᠡᠮ ᠰᠣᠭᠤᠭ ᠤᠨ ᠰᠠᠭᠤᠷᠢ ᠲᠤᠭ᠎ᠠ ᠶᠢ ᠦᠨᠳᠦᠰᠦᠨ ᠳᠡᠭᠡᠨ ᠲᠣᠳᠣᠷᠬᠠᠶᠢᠯᠠᠵᠤ᠂ ᠭᠤᠣᠯᠳᠠᠯᠭ᠎ᠠ ᠲᠠᠢ ᠭᠠᠵᠠᠷ ᠣᠷᠣᠨ ᠤ ᠭᠠᠮᠰᠢᠭ ᠲᠠᠢ ᠲᠡᠮᠡᠴᠡᠬᠦ ᠴᠢᠳᠠᠪᠤᠷᠢ  ᠶᠢ ᠪᠠᠶᠢᠴᠠᠭᠠᠨ ᠲᠣᠳᠣᠯᠠᠵᠤ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ ᠶᠢ ᠪᠦᠲᠦᠮᠵᠢᠲᠡᠶ ᠥᠷᠨᠢᠭᠦᠯᠬᠦ ᠳᠤ ᠴᠢᠬᠤᠯᠠ ᠲᠤᠯᠭᠠᠭᠤᠷᠢᠯᠠᠯ ᠪᠠ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠪᠠ᠃ ᠵᠥᠪᠳᠡᠯᠴᠡᠨ ᠰᠤᠳᠤᠯᠤᠨ ᠮᠠᠭᠠᠳᠯᠠᠬᠤ ᠪᠠ ᠤᠷᠢᠳᠴᠢᠯᠠᠨ ᠰᠡᠷᠡᠮᠵᠢᠯᠡᠭᠦᠯᠭᠦ ᠬᠢᠭᠡᠳ ᠪᠠᠴᠢᠮ ᠪᠠᠶᠢᠳᠠᠯ ᠢ ᠠᠷᠭᠠᠴᠠᠭᠠᠬᠤ ᠶᠢᠨ ᠬᠠᠮᠲᠤᠷᠠᠯᠴᠠᠨ ᠬᠥᠳᠡᠯᠦᠯᠴᠡᠬᠦ ᠶᠢ ᠲᠣᠪᠤᠶᠢᠯᠭᠠᠨ ᠴᠢᠩᠭᠠᠳᠬᠠᠵᠤ᠂ ᠤᠯᠠᠷᠢᠯ ᠪᠦᠷᠢ ᠳᠤ ᠶᠡᠷᠦᠩᠬᠡᠶᠢᠯᠡᠨ ᠵᠥᠪᠳᠡᠯᠴᠡᠵᠦ ᠰᠤᠳᠤᠯᠤᠨ ᠮᠠᠭᠠᠳᠯᠠᠬᠤ᠂ ᠭᠤᠣᠯᠳᠠᠯᠭ᠎ᠠ ᠲᠠᠢ ᠴᠠᠭ ᠬᠤᠭᠤᠴᠠᠭᠠᠨ ᠳᠤ ᠲᠤᠰᠬᠠᠢ ᠰᠤᠳᠤᠯᠤᠨ ᠮᠠᠭᠠᠳᠯᠠᠬᠤ ᠵᠡᠷᠭᠡ ᠲᠣᠭᠲᠠᠴᠠ ᠶᠢ ᠪᠠᠶᠢᠭᠤᠯᠬᠤ  ᠶᠢᠨ ᠬᠠᠮᠲᠤ ᠪᠠᠶᠢᠩᠭᠤ ᠨᠠᠶᠢᠳᠠᠪᠤᠷᠢᠵᠢᠭᠤᠯᠵᠤ᠂ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠭᠦ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠪᠡ᠃ ᠡᠭᠦᠨ ᠤ ᠬᠠᠮᠲᠤ ᠦᠨᠳᠦᠰᠦᠨ ᠱᠠᠲᠤᠨ ᠤ ᠬᠠᠷᠢᠭᠤᠴᠠᠯᠭᠠᠲᠤ ᠬᠥᠮᠥᠨ ᠳᠤ ᠰᠢᠭᠤᠳ ᠰᠡᠷᠡᠮᠵᠢᠯᠡᠭᠦᠯᠭᠦ ᠲᠣᠭᠲᠠᠴᠠ ᠶᠢ ᠨᠠᠶᠢᠳᠠᠪᠤᠷᠢᠵᠢᠭᠤᠯᠵᠤ᠂ ᠵᠢᠯᠣᠭᠤᠳᠤᠯᠭ᠎ᠠ᠂ ᠬᠥᠮᠥᠨ ᠤ ᠬᠦᠴᠦ ᠪᠠ ᠲᠣᠨᠤᠭ ᠲᠥᠬᠦᠭᠡᠷᠦᠮᠵᠢ ᠶᠢ ᠤᠷᠢᠳᠴᠢᠯᠠᠨ ᠰᠠᠶᠢᠲᠤᠷ ᠪᠡᠯᠡᠳᠬᠡᠵᠦ᠂ ᠬᠦᠨᠳᠦ ᠶᠡᠭᠡ ᠭᠠᠮᠰᠢᠭ ᠲᠣᠬᠢᠶᠠᠯᠳᠤᠪᠠᠯ ᠪᠦᠲᠦᠮᠵᠢᠲᠡᠶ ᠠᠷᠭᠠᠴᠠᠭᠠᠬᠤ ᠶᠢ ᠪᠠᠲᠤᠯᠠᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号