ᠭᠦᠭᠡᠬᠤᠳᠠ ᠲᠦᠭᠦᠬᠡᠢ ᠰᠦ ᠶᠢᠨ ᠬᠢᠨᠠᠨ ᠬᠡᠮᠵᠢᠯᠲᠡ ᠶᠢᠨ ᠦᠯᠢᠭᠡᠷ ᠠᠪᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/7/20
     ᠣᠶᠢᠷ᠎ᠠ ᠳᠤ ᠭᠦᠭᠡᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ  ᠤᠨ ᠠᠮᠤᠷ ᠲᠦᠪᠰᠢᠨ ᠤ ᠲᠥᠪ ᠤᠨ ᠬᠢᠨ ᠲᠤᠰᠬᠠᠢ ᠮᠡᠷᠭᠡᠵᠢᠯ ᠤᠨ ᠠᠵᠢᠯᠲᠠᠳ ᠢ ᠲᠣᠭᠲᠠᠬᠤ ᠰᠢᠶᠠᠨ ᠬᠢᠭᠡᠳ ᠢᠦᠶᠢᠴᠢᠤᠸᠠᠨ ᠲᠣᠭᠤᠷᠢᠭ ᠲᠠᠬᠢ ᠮᠧᠩ ᠨᠢᠦ ᠪᠦᠯᠦᠭᠯᠡᠯ ᠤᠨ ᠲᠡᠵᠢᠭᠡᠪᠦᠷᠢ ᠶᠢᠨ ᠲᠠᠯᠠᠪᠠᠢ ᠪᠣᠯᠣᠨ ᠢᠯᠢ ᠪᠦᠯᠦᠭᠯᠡᠯ  ᠤᠨ ᠲᠡᠵᠢᠭᠡᠪᠦᠷᠢ ᠶᠢᠨ ᠲᠠᠯᠠᠪᠠᠢ ᠳᠤ ᠲᠣᠮᠢᠯᠠᠨ᠂ ᠰᠦ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠨ ᠬᠡᠮᠵᠢᠯᠲᠡ  ᠶᠢᠨ ᠦᠯᠢᠭᠡᠷ ᠠᠪᠬᠤ ᠠᠵᠢᠯ ᠥᠷᠨᠢᠭᠦᠯᠪᠡ᠃      ᠲᠤᠰᠬᠠᠢ ᠮᠡᠷᠭᠡᠵᠢᠯ ᠤᠨ ᠠᠵᠢᠯᠲᠠᠨ ᠪᠣᠯᠣᠨ ᠬᠠᠷᠢᠶ᠎ᠠ ᠭᠠᠵᠠᠷ ᠤᠨ ᠬᠢᠨᠠᠨ ᠬᠠᠮᠢᠶᠠᠷᠤᠯᠲᠠ ᠶᠢᠨ ᠠᠵᠢᠯᠲᠠᠨ ᠲᠦᠭᠦᠬᠡᠢ ᠰᠦ ᠶᠢᠨ ᠠᠵᠤ ᠠᠬᠤᠶᠢᠯᠠᠯ ᠤᠨ ᠰᠦ ᠰᠠᠭᠠᠬᠤ ᠪᠠ ᠰᠦ ᠬᠠᠳᠠᠭᠠᠯᠠᠬᠤ ᠲᠥᠬᠦᠭᠡᠷᠦᠮᠵᠢ ᠶᠢᠨ ᠠᠷᠢᠭᠤᠨ ᠴᠡᠪᠡᠷ ᠤᠨ ᠪᠠᠶᠢᠳᠠᠯ᠂ ᠤᠷᠢᠳᠴᠢᠯᠠᠨ ᠬᠥᠷᠥᠭᠡᠵᠦ ᠰᠢᠢᠳᠪᠦᠷᠢᠯᠡᠬᠦ᠂ ᠲᠤᠰᠢᠶᠠᠬᠤ ᠪᠠ ᠭᠥᠯᠢᠶᠡᠨ ᠠᠪᠬᠤ ᠭᠠᠷᠳᠠᠮ᠂ ᠰᠢᠨᠵᠢᠯᠡᠨ ᠰᠢᠯᠭᠠᠭᠰᠠᠨ ᠲᠤᠭ᠎ᠠ ᠪᠠᠷᠢᠮᠲᠠ ᠵᠡᠷᠭᠡ ᠳᠤ ᠨᠠᠷᠢᠨ ᠪᠠᠶᠢᠴᠠᠭᠠᠯᠲᠠ ᠬᠢᠵᠡᠢ᠃ ᠡᠭᠦᠨ ᠤ ᠬᠠᠮᠲᠤ ᠰᠦ ᠶᠢᠨ ᠥᠷᠲᠡᠭᠡᠨ ᠤ ᠰᠦ ᠬᠠᠳᠠᠭᠠᠯᠠᠬᠤ ᠰᠠᠪᠠ ᠠᠴᠠ ᠦᠯᠢᠭᠡᠷ ᠠᠪᠤᠨ᠂ ᠨᠡᠶᠢᠲᠡ 24 ᠪᠦᠯᠦᠭ ᠤᠳᠠᠭ᠎ᠠ ᠦᠯᠢᠭᠡᠷ ᠠᠪᠴᠤ᠂ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠲᠣᠮᠣ ᠳ᠋ᠠᠶᠢᠲ᠋ᠠ ᠶᠢᠨ ᠲᠠᠪᠴᠠᠩ ᠳᠤ ᠳᠠᠮᠵᠢᠭᠤᠯᠤᠨ ᠣᠷᠣᠭᠤᠯᠵᠤ᠂ ᠲᠦᠭᠦᠬᠡᠢ ᠰᠦ ᠶᠢᠨ ᠶᠠᠰᠤ ᠴᠢᠨᠠᠷ ᠢ ᠮᠥᠷᠳᠡᠵᠦ ᠪᠤᠯᠬᠤ ᠶᠢ ᠴᠢᠨᠠᠭᠰᠢᠳᠠ ᠠᠬᠢᠭᠤᠯᠵᠤ᠂ ᠰᠦ ᠶᠢᠨ ᠦᠢᠯᠡᠰ ᠤᠨ ᠠᠮᠤᠷ ᠲᠦᠪᠰᠢᠨ ᠢ ᠪᠠᠲᠤᠯᠠᠬᠤ ᠶᠢ  ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号