7 ᠰᠠᠷ᠎ᠠ ᠶᠢᠨ 18 ᠤ ᠡᠳᠦᠷ᠂ ᠮᠠᠨ ᠤ ᠰᠢᠶᠠᠨ ︽ᠠᠷᠠᠳ ᠲᠦᠮᠡᠨ ᠳᠤ ᠦᠨᠡᠨ ᠰᠡᠳᠬᠢᠯ ᠠᠴᠠ ᠪᠠᠨ | ᠠᠵᠢᠯ ᠤᠨ ᠪᠠᠶᠢᠷᠢ ᠬᠦᠷᠭᠡᠵᠦ ᠠᠵᠢᠯ ᠣᠯᠭᠤᠯᠲᠠ ᠶᠢᠨ ᠲᠤᠰᠠᠯᠠᠮᠵᠢ ᠦᠵᠡᠭᠦᠯᠬᠦ ᠳᠤ ᠪᠣᠳᠠᠲᠤ ᠦᠷ᠎ᠡ ᠪᠦᠲᠦᠮᠵᠢ | ᠣᠯᠭᠤᠶᠠ︾ ᠭᠡᠬᠦ ᠭᠤᠣᠯ ᠰᠡᠳᠦᠪ ᠢᠶᠠᠷ 2023 ᠣᠨ ᠤ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠬᠦᠴᠦᠨ ᠤ | ᠬᠠᠮᠵᠢᠯᠴᠠᠭ᠎ᠠ ᠶᠢᠨ ᠵᠣᠨ ᠤ ᠤᠯᠠᠷᠢᠯ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠵᠢᠯᠲᠠᠨ ᠡᠯᠰᠡᠬᠦ | ᠴᠤᠭᠯᠠᠭᠠᠨ ᠡᠷᠭᠢᠯᠡᠪᠡ᠃ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠢ ᠦᠴᠦᠸᠠᠨ ᠰᠢᠶᠠᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠪᠡᠭᠡᠵᠢᠩ ᠬᠤᠲᠠ ᠶᠢᠨ ᠮᠧᠨ ᠲᠧᠦ ᠭᠧᠦ | ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠢᠶᠠᠨ ᠤ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠢᠶᠠᠨ ᠤ ᠠᠵᠢᠯ | ᠣᠯᠭᠤᠬᠤ ᠦᠢᠯᠡᠴᠢᠯᠡᠭᠡᠨ ᠤ ᠲᠥᠪ᠂ ᠥᠪᠥᠷ ᠮᠣᠩᠭᠤᠯ ᠤᠨ ᠲᠢᠶᠠᠨ ᠢᠦᠢ ᠬᠥᠮᠥᠨ ᠤ ᠬᠦᠴᠦᠨ ᠤ ᠡᠬᠢ | ᠪᠠᠶᠠᠯᠢᠭ ᠤᠨ ᠨᠡᠭᠡᠭᠡᠨ ᠬᠥᠭᠵᠢᠭᠦᠯᠦᠯᠲᠡ ᠶᠢᠨ ︵ᠪᠦᠯᠦᠭᠯᠡᠯ︶ ᠬᠢᠵᠠᠭᠠᠷᠲᠤ ᠺᠣᠮᠫᠠᠨᠢ ᠳᠠᠭᠠᠭᠠᠨ ᠡᠷᠭᠢᠯᠡᠪᠡ᠃ | | | | | ᠲᠣᠰ ᠤᠳᠠᠭᠠᠨ ᠤ ᠠᠵᠢᠯᠲᠠᠨ ᠡᠯᠰᠡᠬᠦ ᠠᠵᠢᠯᠯᠠᠭ᠎ᠠ ᠨᠢ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ | ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ ᠰᠦᠯᠵᠢᠶᠡᠨ ᠳᠡᠭᠡᠷᠡᠬᠢ ᠠᠵᠢᠯᠲᠠᠨ ᠡᠯᠰᠡᠬᠦ ᠴᠤᠭᠯᠠᠭᠠᠨ ᠨᠢ 7 | ᠰᠠᠷ᠎ᠠ ᠶᠢᠨ 18 ᠤ ᠡᠳᠦᠷ ᠠᠴᠠ 7 ᠰᠠᠷ᠎ᠠ ᠶᠢᠨ 30 ᠤ ᠡᠳᠦᠷ ᠪᠣᠯᠲᠠᠯ᠎ᠠ ᠦᠷᠭᠦᠯᠵᠢᠯᠡᠬᠦ ᠪᠣᠯᠣᠨ᠎ᠠ᠃ ᠰᠦᠯᠵᠢᠶᠡᠨ | ᠭᠠᠳᠠᠨᠠᠬᠢ ᠠᠵᠢᠯᠲᠠᠨ ᠡᠯᠰᠡᠬᠦ ᠴᠤᠭᠯᠠᠭᠠᠨ ᠤ ᠲᠤᠬᠠᠢ ᠶᠢᠨ ᠲᠠᠯᠠᠪᠤᠷ ᠲᠤ᠂ ᠪᠡᠭᠡᠵᠢᠩ ᠬᠤᠲᠠ ᠶᠢᠨ ᠮᠧᠨ ᠲᠧᠦ ᠭᠧᠦ | ᠲᠣᠭᠤᠷᠢᠭ ᠠᠴᠠ ᠢᠷᠡᠭᠰᠡᠨ 15 ᠠᠵᠤ ᠠᠬᠤᠶᠢᠯᠠᠯ᠂ 489 ᠠᠵᠢᠯ ᠤᠨ ᠪᠠᠶᠢᠷᠢ ᠬᠠᠩᠭᠠᠪᠠ︔ ᠰᠢᠶᠠᠨ ᠤ ᠭᠠᠳᠠᠨ᠎ᠠ | ᠣᠷᠣᠨ ᠤ ᠳᠣᠲᠣᠷᠠᠬᠢ 35 ᠠᠵᠤ ᠠᠬᠤᠶᠢᠯᠠᠯ᠂ 630 ᠠᠵᠢᠯ ᠤᠨ ᠪᠠᠶᠢᠷᠢ ᠬᠠᠩᠭᠠᠪᠠ︔ ᠨᠡᠶᠢᠲᠡ 50 ᠠᠵᠤ | ᠠᠬᠤᠶᠢᠯᠠᠯ ᠴᠤᠭᠯᠠᠭᠠᠨ ᠳᠤ ᠣᠷᠣᠯᠴᠠᠵᠤ᠂ 1119 ᠠᠵᠢᠯ ᠤᠨ ᠪᠠᠶᠢᠷᠢ ᠬᠠᠩᠭᠠᠪᠠ᠃ ᠠᠵᠢᠯᠯᠠᠭ᠎ᠠ ᠶᠢᠨ | ᠲᠤᠬᠠᠢ ᠶᠢᠨ ᠲᠠᠯᠠᠪᠠᠢ ᠳᠤ ᠬᠥᠮᠥᠰ ᠬᠤᠷᠠᠨ ᠴᠤᠭᠯᠠᠷᠠᠵᠤ᠂ ᠠᠵᠢᠯ ᠡᠷᠢᠭᠴᠢ ᠪᠣᠯᠣᠨ ᠠᠵᠤ ᠠᠬᠤᠶᠢᠯᠠᠯ ᠤᠨ | ᠬᠠᠷᠢᠭᠤᠴᠠᠯᠭᠠᠲᠠᠨ ᠨᠢᠭᠲᠠ ᠬᠤᠷᠰᠢᠯᠴᠠᠵᠤ᠂ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠯ᠎ᠠ᠃ 7 ᠰᠠᠷ᠎ᠠ ᠶᠢᠨ | 18 ᠤ ᠡᠳᠦᠷ ᠤᠨ ᠦᠳᠡ ᠶᠢᠨ ᠡᠮᠦᠨ᠎ᠡ ᠶᠢᠨ 10 ᠴᠠᠭ ᠠᠴᠠ 12 ᠴᠠᠭ ᠲᠤ᠂ ᠠᠵᠢᠯ ᠡᠷᠢᠭᠰᠡᠳ ᠪᠠᠰᠠ ᠰᠢᠭᠤᠳ | ᠨᠡᠪᠲᠡᠷᠡᠭᠦᠯᠭᠡ ᠪᠠᠷ ᠠᠵᠢᠯ ᠤᠨ ᠪᠠᠶᠢᠷᠢ ᠳᠠᠭᠠᠭᠤᠯᠬᠤ ᠪᠠᠷ ᠳᠠᠮᠵᠢᠭᠤᠯᠤᠨ᠂ ᠨᠡᠪᠲᠡᠷᠡᠭᠦᠯᠦᠭᠴᠢ ᠪᠠᠷ ᠠᠵᠢᠯ | ᠡᠷᠢᠭᠰᠡᠳ ᠤᠨ ᠬᠠᠷᠠᠭᠠᠰᠤ ᠪᠠᠷ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠪᠡᠶᠡᠴᠢᠯᠡᠨ ᠣᠶᠢᠯᠠᠭᠠᠭᠤᠯᠵᠤ᠂ ᠠᠵᠤ | ᠠᠬᠤᠶᠢᠯᠠᠯ ᠤᠨ ᠬᠥᠮᠥᠨ ᠬᠡᠷᠡᠭᠯᠡᠬᠦ ᠬᠡᠷᠡᠭᠴᠡᠭᠡ ᠶᠢ ︽ᠵᠠᠢ ᠵᠠᠪᠰᠠᠷ ᠦᠭᠡᠢ︾ ᠪᠠᠷ ᠣᠶᠢᠯᠠᠭᠠᠭᠤᠯᠵᠤ᠂ ᠠᠵᠢᠯ ᠤᠨ | ᠪᠠᠶᠢᠷᠢ ᠶᠢᠨ ᠱᠠᠭᠠᠷᠳᠠᠯᠭ᠎ᠠ ᠪᠠ ᠠᠵᠢᠯ ᠤᠨ ᠣᠷᠴᠢᠨ ᠲᠣᠭᠤᠷᠢᠨ ᠢ ᠨᠡᠩ ᠰᠢᠭᠤᠳ ᠣᠶᠢᠯᠠᠭᠠᠭᠤᠯᠵᠤ ᠪᠣᠯᠣᠨ᠎ᠠ᠃ | ᠲᠣᠰ ᠤᠳᠠᠭᠠᠨ ᠤ ᠠᠵᠢᠯᠲᠠᠨ ᠡᠯᠰᠡᠬᠦ ᠬᠤᠷᠠᠯ ᠨᠢ ᠵᠠᠯᠠᠭᠤᠴᠤᠳ ᠤᠨ ᠠᠵᠢᠯ ᠣᠯᠭᠤᠯᠲᠠ ᠶᠢᠨ | ᠠᠴᠢᠶᠠᠯᠠᠪᠤᠷᠢ ᠶᠢ ᠪᠠᠶᠢᠭᠤᠯᠵᠤ᠂ ᠣᠷᠣᠨ ᠪᠦᠰᠡ ᠶᠢᠨ ᠬᠤᠭᠤᠷᠣᠨᠳᠣᠬᠢ ᠬᠥᠮᠥᠨ ᠤ ᠬᠦᠴᠦᠨ ᠤ ᠡᠬᠢ ᠪᠠᠶᠠᠯᠢᠭ ᠤᠨ | ᠥᠨᠳᠥᠷ ᠪᠦᠲᠦᠮᠵᠢᠲᠡᠶ ᠰᠢᠯᠵᠢᠯᠲᠡ ᠶᠢ ᠠᠬᠢᠭᠤᠯᠵᠤ᠂ ᠬᠤᠶᠠᠷ ᠭᠠᠵᠠᠷ ᠤᠨ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠶᠢᠨ ᠲᠥᠯᠥᠭᠡ ᠶᠤᠮ᠃ | | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ |