ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ — ᠳ᠋ᠠ ᠳ᠋ᠧᠦ ᠹᠦ᠋ ᠲᠣᠰᠬᠤᠨ᠄ ᠠᠵᠤ ᠦᠢᠯᠡᠰ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠦᠵᠡᠮᠵᠢ ᠶᠢ ᠵᠢᠷᠤᠭᠯᠠᠨ᠎ᠠ
ᠨᠡᠶᠢᠲᠡᠯᠡᠭᠰᠡᠨ ᠴᠠᠭ᠄
2023/7/24
      ᠣᠶᠢᠷ᠎ᠠ ᠶᠢᠨ ᠵᠢᠯ ᠠᠴᠠ ᠨᠠᠰᠢ᠂ ᠦᠴᠦᠸᠠᠨ ᠰᠢᠶᠠᠨ ᠤ ᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂  ᠬᠤᠳᠠ ᠬᠥᠳᠡᠭᠡ ᠶᠢᠨ ᠵᠥᠷᠢᠶ᠎ᠡ ᠶᠢ ᠪᠠᠭᠠᠰᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠠᠪᠤᠨ ᠶᠡᠭᠡ ᠬᠦᠭᠵᠢᠯ ᠮᠠᠨᠳᠤᠯ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ︽ᠦᠯᠢᠭᠡᠷ ᠳᠠᠭᠤᠷᠢᠶᠠᠯ ᠲᠣᠭᠤᠷᠢᠭ︾ ︽ᠬᠤᠰᠢᠭᠤᠴᠢ ᠲᠣᠭᠤᠷᠢᠭ︾ ᠪᠣᠯᠭᠠᠬᠤ ᠶᠢ ᠪᠠᠷᠢᠮᠲᠠᠯᠠᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠡᠭᠦᠳᠦᠨ ᠪᠠᠶᠢᠭᠤᠯᠬᠤ ᠶᠢ ᠠᠬᠢᠭᠤᠯᠤᠭᠰᠠᠨ ᠰᠠᠭᠤᠷᠢᠨ ᠳᠡᠭᠡᠷ᠎ᠡ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠰᠢᠰᠲ᠋ᠧᠮ ᠲᠠᠢ ᠲᠥᠯᠥᠪᠵᠢᠭᠦᠯᠬᠦ᠂ ᠰᠢᠨ᠎ᠡ ᠶᠢ ᠡᠭᠦᠳᠦᠨ ᠬᠥᠭᠵᠢᠭᠦᠯᠬᠦ ᠪᠠ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠰᠠᠭᠤᠷᠢ ᠵᠡᠷᠭᠡ ᠬᠦᠴᠦᠨ ᠵᠦᠢᠯ ᠢ ᠦᠨᠳᠦᠰᠦᠯᠡᠵᠦ᠂ ᠥᠨᠳᠥᠷ ᠪᠠᠷᠢᠮᠵᠢᠶ᠎ᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ ᠪᠠᠶᠢᠭᠤᠯᠬᠤ ᠪᠠᠷ ᠭᠠᠷᠳᠠᠴᠠ ᠪᠣᠯᠭᠠᠵᠤ ᠂ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠬᠥᠳᠡᠭᠡ ᠠᠵᠤ ᠠᠬᠤᠢ ᠶᠢᠨ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ᠂ ᠬᠥᠳᠡᠭᠡ ᠲᠣᠰᠬᠤᠨ ᠳᠤ ᠣᠷᠣᠰᠢᠨ ᠰᠠᠭᠤᠵᠤ ᠦᠢᠯᠡᠰ ᠪᠣᠰᠬᠠᠬᠤ ᠳᠤ ᠲᠣᠬᠢᠷᠠᠮᠵᠢᠲᠠᠢ᠂ ᠲᠠᠷᠢᠶᠠᠴᠢᠳ ᠢ ᠪᠠᠶᠠᠨ ᠴᠢᠨᠡᠭᠡᠯᠢᠭ ᠪᠠᠶᠢᠯᠭᠠᠬᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠪᠠᠶᠢᠳᠠᠯ ᠢ ᠴᠢᠷᠮᠠᠶᠢᠨ ᠡᠭᠦᠳᠪᠡ᠃      ᠦᠴᠦᠸᠠᠨ ᠰᠢᠶᠠᠨ ᠤ ᠬᠤᠭᠤᠯᠠᠢ ᠠᠭᠤᠯᠠ ᠰᠢᠶᠠᠩ ᠤᠨ ᠳ᠋ᠠ ᠳ᠋ᠧᠦ ᠹᠦ᠋ ᠲᠣᠰᠬᠤᠨ ᠤ ᠥᠷᠭᠡᠨ ᠠᠭᠤᠳᠠᠮ ᠭᠠᠵᠠᠷ ᠰᠢᠷᠣᠢ ᠪᠠᠷ ᠠᠶᠠᠯᠠᠬᠤ ᠳᠤ᠂ ᠭᠠᠵᠠᠷ ᠪᠣᠯᠭᠠᠨ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠵᠤ ᠪᠠᠶᠢᠨ᠎ᠠ᠃
     ᠬᠤᠭᠤᠯᠠᠢ ᠠᠭᠤᠯᠠ ᠰᠢᠶᠠᠩ ᠤᠨ ᠳ᠋ᠠ ᠳ᠋ᠧᠦ ᠹᠦ᠋ ᠲᠣᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠤ ᠪᠦᠲᠦᠭᠡᠨ ᠪᠠᠶᠢᠭᠤᠯᠤᠯᠲᠠ      ᠳ᠋ᠠ ᠳ᠋ᠧᠦ ᠹᠦ᠋ ᠲᠣᠰᠬᠤᠨ ᠨᠢ ᠦᠴᠦᠸᠠᠨ ᠰᠢᠶᠠᠨ ᠤ ᠲᠥᠯᠥᠪᠵᠢᠭᠦᠯᠦᠨ ᠪᠠᠶᠢᠭᠤᠯᠬᠤ ᠪᠠᠷ ᠲᠥᠯᠥᠪᠯᠡᠵᠦ ᠪᠠᠶᠢᠭ᠎ᠠ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠲᠣᠰᠬᠤᠨ ᠪᠠ ᠲᠥᠮᠥᠰᠥ ᠶᠢᠨ ᠠᠵᠤ ᠦᠢᠯᠡᠰ ᠤᠨ ᠲᠣᠰᠬᠤᠨ ᠪᠣᠯᠣᠨ᠎ᠠ᠂ 2.2 ᠲᠦᠮᠡᠨ ᠮᠦ ᠲᠠᠷᠢᠶᠠᠨ ᠭᠠᠵᠠᠷ ᠲᠠᠢ᠂ ᠡᠭᠦᠨ ᠳᠤ ᠤᠰᠤᠯᠠᠯᠲᠠ ᠶᠢᠨ ᠲᠠᠷᠢᠶ᠎ᠠ 8000 ᠮᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ 5000 ᠮᠦ᠂ ᠵᠢᠯ ᠳᠤ 1.1 ᠲᠦᠮᠡᠨ ᠮᠦ ᠭᠠᠵᠠᠷ ᠰᠢᠷᠣᠢ ᠶᠢ ᠡᠷᠭᠢᠯᠲᠡ ᠳᠤ ᠣᠷᠣᠭᠤᠯᠳᠠᠭ᠂  2022 ᠣᠨ ᠳᠤ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ 95 ᠲᠦᠮᠡᠨ ᠲᠥᠭᠦᠷᠢᠭ᠂ 2023 ᠣᠨ ᠳᠤ 121.5 ᠲᠦᠮᠡᠨ ᠲᠥᠭᠦᠷᠢᠭ ᠲᠤ ᠬᠦᠷᠬᠦ ᠪᠣᠯᠣᠨ᠎ᠠ᠃ 1 ᠲᠣᠰᠬᠤᠨ ᠤ ᠬᠠᠷᠢᠶ᠎ᠠ ᠣᠷᠣᠨ ᠳᠤ ᠲᠥᠮᠥᠰᠥ ᠶᠢᠨ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠲᠠᠢ ᠂ 2 ᠪᠡᠯᠡᠳᠭᠡᠮᠵᠢᠳᠤ ᠢᠳᠡᠰᠢᠨ ᠨᠣᠭᠤᠭ᠎ᠠ ᠳᠠᠷᠢᠬᠤ ᠵᠢᠴᠢ ᠡᠰᠢ ᠰᠦᠷᠡᠯ ᠢ ᠬᠤᠪᠢᠷᠠᠭᠤᠯᠬᠤ ᠠᠵᠤ ᠠᠬᠤᠶᠢᠯᠠᠯ ᠲᠠᠢ᠂ 11 ᠬᠡᠪᠴᠢᠶᠡᠵᠢᠭᠦᠯᠦᠨ ᠳᠠᠷᠢᠵᠤ ᠲᠡᠵᠢᠭᠡᠬᠦ ᠶᠢ ᠤᠶᠠᠯᠳᠤᠭᠤᠯᠤᠭᠰᠠᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ  ᠲᠠᠢ᠂  35 ᠡᠯ᠎ᠡ ᠲᠥᠷᠥᠯ ᠤᠨ ᠬᠡᠷᠡᠭᠯᠡᠭᠡᠨ ᠤ ᠴᠢᠳᠠᠪᠤᠷᠢᠲᠠᠨ ᠪᠣᠶ᠃ 2020 ᠣᠨ ᠳᠤ ᠳ᠋ᠠ ᠳ᠋ᠧᠦ ᠹᠦ᠋ ᠲᠣᠰᠬᠤᠨ ᠬᠤᠲᠠ ᠶᠢᠨ ᠲᠡᠰ ᠤᠨ ᠪᠣᠯᠪᠠᠰᠤᠨ ᠲᠣᠰᠬᠤᠨ ᠢᠶᠠᠷ ᠦᠨᠡᠯᠡᠭᠳᠡᠵᠦ᠂ 2022 ᠣᠨ ᠳᠤ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ ᠡᠭᠦᠳᠦᠨ ᠪᠠᠶᠢᠭᠤᠯᠬᠤ ᠨᠡᠷᠡᠰ ᠲᠤ ᠣᠷᠣᠪᠠ᠃      ᠳ᠋ᠠ ᠳ᠋ᠧᠦ ᠹᠦ᠋ ᠲᠣᠰᠬᠤᠨ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠰᠢᠶᠠᠨ ᠤ ︽ᠬᠤᠶᠠᠷ ᠪᠤᠭᠤᠳᠠᠢ ᠨᠢᠭᠡ ᠲᠥᠮᠥᠰᠥ ᠨᠢᠭᠡ ᠬᠤᠨᠢ︾ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠲᠣᠭᠤᠷᠢᠨ ᠳᠤ᠂ ︽ᠨᠢᠭᠡ ᠲᠥᠮᠥᠰᠥ ᠨᠢᠭᠡ ᠬᠤᠨᠢ︾ ᠶᠢᠨ ᠬᠤᠶᠠᠷ ᠦᠢᠯᠡᠴᠢᠯᠡᠭᠡᠨ ᠤ ᠬᠥᠭᠵᠢᠯᠲᠡ ᠶᠢᠨ ᠰᠡᠳᠬᠢᠴᠡ ᠶᠢ ᠪᠦᠷᠢᠯᠳᠦᠭᠦᠯᠵᠦ᠂ ᠲᠥᠮᠥᠰᠥ ᠶᠢᠨ ᠡᠭᠦᠯᠳᠡᠷ ᠪᠣᠶᠢᠵᠢᠭᠤᠯᠬᠤ᠂ ᠦᠷᠡᠵᠢᠭᠦᠯᠦᠨ ᠪᠣᠶᠢᠵᠢᠭᠤᠯᠬᠤ᠂ ᠬᠥᠮᠥᠷᠭᠡᠯᠡᠨ ᠬᠠᠳᠠᠭᠠᠯᠠᠬᠤ᠂ ᠪᠠᠷᠠᠭᠠᠨ ᠤ ᠭᠦᠢᠯᠭᠡᠭᠡᠨ ᠤ ᠠᠷᠠᠯᠵᠢᠶ᠎ᠠ ᠪᠠ ᠴᠠᠷᠳᠠᠭᠤᠯ ᠢ ᠡᠳ᠋ᠰᠢᠭᠦᠯᠬᠦ ᠶᠢ ᠨᠢᠭᠡ ᠴᠣᠭᠴᠠᠵᠢᠭᠤᠯᠤᠭᠰᠠᠨ ᠲᠥᠮᠥᠰᠥ ᠶᠢᠨ ᠠᠵᠤ ᠦᠢᠯᠡᠰ ᠤᠨ ᠬᠦᠷᠢᠶᠡᠯᠡᠩ ᠢ ᠥᠨᠳᠥᠷ ᠪᠠᠷᠢᠮᠵᠢᠶ᠎ᠠ ᠪᠠᠷ ᠪᠠᠶᠢᠭᠤᠯᠤᠨ᠎ᠠ︔ ᠬᠤᠶᠠᠩ ᠬᠤᠨᠢᠨ ᠤ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ 2 ᠪᠠᠶᠢᠭᠤᠯᠵᠤ᠂ ᠪᠦᠬᠦ ᠰᠢᠶᠠᠩ ᠤᠨ ᠠᠷᠪᠠᠨ ᠲᠦᠮᠡᠨ ᠮᠦ ᠲᠥᠮᠥᠰᠥ ᠲᠠᠷᠢᠬᠤ ᠪᠠ ᠲᠦᠮᠡᠨ ᠬᠤᠶᠠᠩ ᠬᠤᠨᠢ ᠲᠡᠵᠢᠭᠡᠨ ᠦᠷᠡᠵᠢᠭᠦᠯᠬᠦ ᠠᠵᠤ ᠦᠢᠯᠡᠰ ᠤᠨ ᠬᠥᠭᠵᠢᠯᠲᠡ ᠶᠢ ᠵᠢᠱᠢᠶ᠎ᠡ ᠦᠵᠡᠭᠦᠯᠦᠨ ᠲᠠᠶᠢᠴᠢᠯᠠᠨ᠎ᠠ᠃ ᠼᠦᠨ ᠴᠤᠸᠠᠨ ᠾᠧ ᠨᠠᠰᠤᠲᠠᠶᠢᠴᠤᠳ ᠤᠨ ᠨᠡᠶᠢᠲᠡ ᠶᠢᠨ ᠰᠠᠭᠤᠴᠠ᠂ ᠲᠣᠰᠬᠤᠨ ᠤ ᠱᠠᠲᠤᠨ ᠤ ᠵᠣᠯ ᠵᠢᠷᠭᠠᠯ ᠤᠨ ᠬᠠᠷᠢᠯᠴᠠᠨ ᠬᠠᠪᠰᠤᠷᠤᠯᠴᠠᠬᠤ ᠬᠦᠷᠢᠶᠡᠯᠡᠩ ᠪᠠ ᠲᠥᠪ ᠡᠮᠨᠡᠯᠭᠡ ᠶᠢᠨ ᠬᠤᠷᠢᠶ᠎ᠠ ᠪᠠᠷ ᠰᠠᠭᠤᠷᠢ ᠪᠣᠯᠭᠠᠵᠤ᠂ ᠡᠮᠴᠢᠯᠡᠭᠡ ᠡᠷᠡᠭᠦᠯᠵᠢᠯ ᠪᠠ ᠠᠮᠢᠳᠤᠷᠠᠯ ᠤᠨ ᠬᠠᠷᠠᠭᠠᠯᠵᠠᠨ ᠠᠰᠠᠷᠠᠬᠤ ᠵᠡᠷᠭᠡ ᠲᠤᠰᠬᠠᠢ ᠮᠡᠷᠭᠡᠵᠢᠯ ᠤᠨ ᠦᠢᠯᠡᠴᠢᠯᠡᠭᠡ ᠬᠠᠩᠭᠠᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠨᠠᠰᠤᠵᠢᠯ ᠤᠨ ᠠᠰᠠᠷᠠᠮᠵᠢ᠂ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠰᠢᠨ᠎ᠡ ᠠᠵᠤ ᠦᠢᠯᠡᠰ ᠢ ᠪᠣᠶ ᠪᠣᠯᠭᠠᠨ᠎ᠠ᠃ ᠨᠠᠮ ᠤᠨ ᠡᠭᠦᠷ ᠤᠨ ᠤᠯᠤᠰ ᠲᠦᠷᠦ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢᠨ ᠳᠠᠪᠠᠭᠤᠯᠢᠭ ᠪᠣᠯᠭᠠᠬᠤ ᠶᠢ ᠪᠠᠷᠢᠮᠲᠠᠯᠠᠵᠤ᠂ ︽ᠲᠦᠰᠢᠭ ᠲᠤᠯᠭᠠᠭᠤᠷᠢ︾ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠦᠨᠳᠦᠰᠦ ᠪᠣᠯᠭᠠᠵᠤ᠂ ᠠᠷᠠᠳ ᠤᠯᠠᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠪᠠᠷ ᠲᠤᠰᠤᠯᠲᠠ ᠪᠣᠯᠭᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢ ᠠᠵᠤ ᠦᠢᠯᠡᠰ ᠤᠨ ᠬᠡᠯᠬᠢᠶ᠎ᠡ ᠳᠡᠭᠡᠷ᠎ᠡ ᠪᠠᠶᠢᠭᠤᠯᠵᠤ᠂ ᠴᠢᠳᠠᠪᠤᠷᠢᠲᠠᠨ ᠢ ᠠᠵᠤ ᠦᠢᠯᠡᠰ ᠤᠨ ᠬᠡᠯᠬᠢᠶ᠎ᠡ ᠳᠡᠭᠡᠷ᠎ᠡ ᠲᠥᠪᠯᠡᠷᠡᠭᠦᠯᠵᠦ᠂ ᠲᠣᠰᠬᠤᠨ ᠤ ᠠᠷᠠᠳ ᠢ ᠠᠵᠤ ᠦᠢᠯᠡᠰ ᠤᠨ ᠬᠡᠯᠬᠢᠶ᠎ᠡ ᠳᠤ ᠪᠠᠶᠠᠵᠢᠭᠤᠯᠤᠨ᠎ᠠ᠃
    ᠥᠪᠥᠷ ᠣᠩᠭᠤᠯ ᠤᠨ ᠱᠢᠦᠢ ᠹᠧᠩ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ     ᠠᠵᠢᠯᠲᠠᠳ ᠲᠥᠮᠥᠰᠥ ᠶᠢᠨ ᠬᠤᠣᠷ ᠦᠭᠡᠶᠢᠳᠡᠭᠦᠯᠦᠭᠰᠡᠨ ᠦᠷ᠎ᠡ ᠶᠢᠨ ᠲᠥᠮᠥᠰᠥ ᠪᠣᠶᠢᠵᠢᠭᠤᠯᠵᠤ ᠪᠠᠶᠢᠭ᠎ᠠ ᠪᠠᠶᠢᠳᠠᠯ ᠢ ᠠᠵᠢᠭᠯᠠᠵᠤ ᠪᠠᠶᠢᠭ᠎ᠠ    
     ᠦᠴᠦᠸᠠᠨ ᠰᠢᠶᠠᠨ ᠤ ᠬᠤᠭᠤᠯᠠᠢ ᠠᠭᠤᠯᠠ ᠰᠢᠶᠠᠩ ᠤᠨ ᠡᠮᠨᠡᠬᠦ ᠰᠤᠪᠢᠯᠠᠬᠤ ᠶᠢ ᠤᠶᠠᠯᠳᠤᠭᠤᠯᠬᠤ ᠲᠥᠪ
     ᠬᠤᠭᠤᠯᠠᠢ ᠠᠭᠤᠯᠠ ᠰᠢᠶᠠᠩ ᠤᠨ ᠳ᠋ᠠ ᠳ᠋ᠧᠦ ᠹᠦ᠋ ᠲᠣᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠤ ᠪᠦᠲᠦᠭᠡᠨ ᠪᠠᠶᠢᠭᠤᠯᠤᠯᠲᠠ      ᠳᠠᠷᠠᠭᠠᠴᠢ ᠶᠢᠨ ᠠᠯᠬᠤᠮ ᠳᠤ᠂ ᠳ᠋ᠠ ᠳ᠋ᠧᠦ ᠹᠦ᠋ ᠲᠣᠰᠬᠤᠨ ᠤ ᠬᠢᠨ ᠠᠵᠤ ᠦᠢᠯᠡᠰ ᠬᠥᠭᠵᠢᠭᠰᠡᠨ᠂ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ᠂ ᠠᠮᠢᠳᠤᠷᠠᠯ ᠪᠠᠶᠠᠨ ᠴᠢᠨᠡᠭᠡᠯᠢᠭ᠂ ᠬᠥᠳᠡᠭᠡ ᠲᠣᠰᠬᠤᠨ ᠤ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ ᠶᠡᠷᠦᠩᠬᠡᠢ ᠱᠠᠭᠠᠷᠳᠠᠯᠭ᠎ᠠ ᠶᠣᠰᠣᠭᠠᠷ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ ᠠᠬᠢᠭᠤᠯᠵᠤ᠂ ᠬᠥᠳᠡᠭᠡ ᠠᠵᠤ ᠠᠬᠤᠢ ᠶᠢ ᠬᠥᠭᠵᠢᠯ ᠤᠨ ᠢᠷᠡᠭᠡᠳᠦᠢ ᠲᠠᠢ ᠪᠣᠯᠭᠠᠬᠤ ᠪᠠᠷ ᠴᠢᠷᠮᠠᠶᠢᠵᠤ᠂ ᠲᠠᠷᠢᠶᠠᠴᠢᠳ ᠢ ᠲᠠᠲᠠᠬᠤ ᠬᠦᠴᠦᠨ ᠲᠠᠢ ᠠᠵᠢᠯ ᠮᠡᠷᠭᠡᠵᠢᠯ ᠪᠣᠯᠭᠠᠵᠤ᠂ ᠬᠥᠳᠡᠭᠡ ᠲᠣᠰᠬᠤᠨ ᠢ ᠠᠮᠤᠷ ᠲᠠᠶᠢᠪᠤᠩ ᠠᠵᠤ ᠲᠦᠷᠦᠭᠦ ᠭᠡᠷ ᠣᠷᠣᠨ ᠪᠣᠯᠭᠠᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号