ᠲᠡᠷᠭᠡ ᠠᠪᠬᠤ ᠬᠥᠮᠥᠰ ᠨᠠᠭᠠᠰᠢ ᠬᠠᠨᠳᠤᠭᠠᠷᠠᠢ
ᠨᠡᠶᠢᠲᠡᠯᠡᠭᠰᠡᠨ ᠴᠠᠭ᠄
2023/7/24
     ᠮᠠᠰᠢᠨ ᠲᠡᠷᠭᠡᠨ ᠤ ᠬᠡᠷᠡᠭᠯᠡᠭᠡ ᠶᠢ ᠴᠢᠨᠠᠭᠰᠢᠳᠠ ᠲᠣᠭᠲᠠᠪᠤᠷᠢᠵᠢᠭᠤᠯᠤᠨ ᠥᠷᠭᠡᠳᠬᠡᠬᠦ ᠶᠢᠨ ᠲᠥᠯᠥᠭᠡ ᠤᠯᠤᠰ  ᠤᠨ ᠬᠥᠭᠵᠢᠯᠲᠡ ᠥᠭᠡᠷᠡᠴᠢᠯᠡᠯᠲᠡ ᠶᠢᠨ ᠺᠣᠮᠢᠰ ᠵᠡᠷᠭᠡ 13 ᠰᠠᠯᠠᠭ᠎ᠠ ᠮᠥᠴᠢᠷ ᠣᠶᠢᠷ᠎ᠠ ᠳᠤ ︽ ᠮᠠᠰᠢᠨ ᠲᠡᠷᠭᠡᠨ ᠤ ᠬᠡᠷᠡᠭᠯᠡᠭᠡ ᠶᠢ ᠠᠬᠢᠭᠤᠯᠬᠤ ᠬᠠᠮᠢᠶᠠᠲᠠᠢ ᠠᠷᠭ᠎ᠠ ᠬᠡᠮᠵᠢᠶ᠎ᠡ︾ ᠶᠢ ᠳᠠᠷᠤᠮᠠᠯᠯᠠᠨ  ᠲᠠᠷᠬᠠᠭᠠᠵᠠᠢ᠃      ᠡᠭᠦᠨ ᠳᠤ ᠭᠤᠣᠯᠳᠠᠭᠤ ᠮᠠᠰᠢᠨ ᠲᠡᠷᠭᠡ ᠬᠤᠳᠠᠯᠳᠤᠨ ᠠᠪᠬᠤ ᠶᠢ ᠬᠢᠵᠠᠭᠠᠷᠯᠠᠬᠤ  ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ   ᠶᠢ ᠰᠢᠯᠢᠳᠡᠭᠵᠢᠭᠦᠯᠬᠦ᠂ ᠬᠠᠭᠤᠴᠢᠨ ᠮᠠᠰᠢᠨ ᠢᠶᠠᠨ ᠬᠤᠳᠠᠯᠳᠤᠭᠠᠳ ᠰᠢᠨ᠎ᠡ ᠮᠠᠰᠢᠨ  ᠬᠤᠳᠠᠯᠳᠤᠨ ᠠᠪᠬᠤ ᠶᠢ ᠳᠡᠮᠵᠢᠬᠦ᠂ ᠬᠠᠭᠤᠴᠢᠨ ᠮᠠᠰᠢᠨ ᠬᠤᠳᠠᠯᠳᠤᠬᠤ ᠵᠠᠬ᠎ᠠ ᠳᠡᠯᠭᠡᠭᠦᠷ ᠢ ᠱᠠᠯᠠᠪᠳᠠᠨ ᠪᠤᠢ ᠪᠣᠯᠭᠠᠬᠤ ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠢᠵᠢ ᠪᠦᠷᠢᠨ ᠪᠡᠯᠡᠳᠬᠡᠯ ᠲᠥᠬᠦᠭᠡᠷᠦᠮᠵᠢ   ᠶᠢ ᠪᠠᠶᠢᠭᠤᠯᠬᠤ᠂ ᠬᠥᠳᠡᠭᠡ ᠲᠣᠰᠬᠤᠨ ᠤ ᠴᠠᠬᠢᠯᠭᠠᠨ ᠡᠷᠴᠢᠮ ᠬᠦᠴᠦᠨ ᠤ  ᠳᠠᠭᠠᠭᠠᠴᠠ ᠶᠢ ᠴᠢᠷᠮᠠᠶᠢᠨ ᠳᠡᠭᠡᠭᠰᠢᠯᠡᠭᠦᠯᠬᠦ᠂ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠴᠤ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠬᠤ᠂  ᠣᠯᠠᠨ ᠨᠡᠶᠢᠲᠡ ᠶᠢᠨ ᠴᠠᠷ ᠬᠦᠷᠢᠶᠡᠨ ᠳᠤ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠲᠤᠭ᠎ᠠ ᠶᠢ ᠨᠡᠮᠡᠭᠳᠡᠭᠦᠯᠬᠦ᠂ ᠮᠠᠰᠢᠨ  ᠲᠡᠷᠭᠡ ᠬᠤᠳᠠᠯᠳᠤᠨ ᠠᠪᠬᠤ ᠳᠤ ᠦᠵᠡᠭᠦᠯᠬᠦ ᠮᠥᠩᠭᠦᠨ ᠭᠦᠢᠯᠭᠡᠭᠡᠨ ᠤ ᠦᠢᠯᠡᠴᠢᠯᠡᠭᠡ ᠪᠠᠨ ᠴᠢᠩᠭᠠᠳᠬᠠᠬᠤ᠂ ᠮᠠᠰᠢᠨ ᠲᠡᠷᠭᠡᠨ ᠤ ᠠᠵᠤ ᠠᠬᠤᠶᠢᠯᠠᠯ ᠤᠨ ᠲᠣᠰᠣᠨ ᠳᠤ ᠭᠠᠮᠲᠠᠢ ᠮᠠᠰᠢᠨ ᠲᠡᠷᠭᠡ ᠰᠤᠳᠤᠯᠤᠨ ᠬᠥᠭᠵᠢᠭᠦᠯᠬᠦ ᠶᠢ ᠵᠣᠷᠢᠭᠵᠢᠭᠤᠯᠬᠤ᠂   ᠮᠠᠰᠢᠨ ᠤ ᠵᠣᠭᠰᠣᠭᠠᠯ ᠬᠦᠷᠦᠯᠴᠡᠬᠦ ᠦᠭᠡᠢ ᠪᠠᠶᠢᠬᠤ ᠪᠠ ᠳᠤᠷ᠎ᠠ ᠪᠠᠷ ᠢᠶᠠᠨ ᠵᠣᠭᠰᠣᠭᠠᠵᠤ ᠪᠠᠶᠢᠭ᠎ᠠ ᠠᠰᠠᠭᠤᠳᠠᠯ ᠢ ᠦᠷᠭᠦᠯᠵᠢᠯᠡᠨ ᠨᠠᠮᠳᠠᠭᠠᠬᠤ ᠵᠡᠷᠭᠡ 10 ᠵᠦᠢᠯ ᠤᠨ  ᠪᠣᠳᠠᠲᠠᠢ ᠠᠷᠭ᠎ᠠ ᠬᠡᠮᠵᠢᠶ᠎ᠡ ᠪᠠᠭᠲᠠᠵᠤ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号