ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 100 ᠳ᠋ᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/7/25
     7 ᠰᠠᠷ᠎ᠠ ᠶᠢᠨ 19 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 100 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠬᠤᠳᠠ ᠶᠢᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ 7 ᠰᠠᠷ᠎ᠠ ᠶᠢᠨ 17 ᠤ ᠡᠳᠦᠷ ᠤᠨ ᠪᠥᠬᠦ ᠬᠤᠲᠠ ᠶᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠦᠴᠦᠸᠠᠨ ᠰᠢᠶᠠᠨ ᠤ ᠲᠤᠬᠠᠢ ᠶᠢᠨ ᠲᠠᠯᠠᠪᠤᠷ ᠤᠨ ᠬᠤᠷᠠᠯ ᠤᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠬᠤᠲᠠ ᠶᠢᠨ ᠱᠠᠲᠤᠨ ᠤ ᠤᠳᠤᠷᠢᠳᠤᠯᠭ᠎ᠠ ᠶᠢᠨ ᠮᠠᠨ ᠤ ᠰᠢᠶᠠᠨ ᠤ ᠲᠤᠬᠠᠢ ᠦᠨᠡᠯᠡᠭᠰᠡᠨ ᠰᠠᠨᠠᠯ ᠢ ᠤᠯᠠᠮᠵᠢᠯᠠᠪᠠ︔ 2024 ᠣᠨ ᠤ ᠮᠠᠨ ᠤ ᠰᠢᠶᠠᠨ ᠤ ᠭᠤᠣᠯᠳᠠᠯᠭ᠎ᠠ ᠲᠠᠢ ᠵᠦᠢᠯᠡᠰ ᠢ ᠲᠣᠬᠢᠷᠠᠭᠤᠯᠤᠭᠰᠠᠨ ᠪᠠᠶᠢᠳᠠᠯ ᠵᠡᠷᠭᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠠᠨᠢᠵᠤ᠂ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ︔ ᠠᠵᠤ ᠦᠢᠯᠡᠰ ᠤᠨ ᠪᠦᠲᠦᠴᠡ ᠶᠢ ᠲᠦᠷᠭᠡᠳᠬᠡᠨ ᠰᠢᠯᠢᠳᠡᠭᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠲᠡᠷᠢᠭᠦᠨ ᠳᠤ ᠲᠠᠯᠪᠢᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠰᠡᠳᠬᠢᠴᠡ ᠣᠶᠢᠯᠠᠭᠠᠭᠳᠠᠬᠤᠨ ᠢᠶᠠᠨ ᠬᠤᠪᠢᠷᠠᠭᠤᠯᠵᠤ᠂ ᠪᠣᠳᠠᠲᠠᠢ ᠠᠵᠢᠯᠯᠠᠬᠤ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ 7 ᠰᠠᠷ᠎ᠠ ᠶᠢᠨ 17 ᠤ ᠡᠳᠦᠷ ᠬᠤᠷᠠᠯᠳᠤᠭᠰᠠᠨ ᠲᠤᠬᠠᠢ ᠶᠢᠨ ᠲᠠᠯᠠᠪᠤᠷ ᠤᠨ ᠬᠤᠷᠠᠯ ᠳᠡᠭᠡᠷ᠎ᠡ᠂ ᠪᠦᠬᠦ ᠬᠤᠳᠠ ᠶᠢᠨ ᠡᠯ᠎ᠡ ᠱᠠᠲᠤᠨ ᠤ ᠺᠠᠳ᠋ᠷᠴᠤᠳ ᠦᠴᠦᠸᠠᠨ ᠰᠢᠶᠠᠨ ᠤ ᠦᠵᠡᠭᠦᠯᠦᠯᠭᠡ ᠶᠢᠨ ᠲᠦᠷᠦᠯ ᠵᠦᠢᠯ ᠢ ᠪᠣᠳᠠᠲᠠᠢ ᠨᠠᠶᠢᠳᠠᠪᠤᠷᠢᠵᠢᠭᠤᠯᠤᠭᠰᠠᠨ ᠠᠵᠢᠯ ᠤᠨ ᠪᠠᠶᠢᠳᠠᠯ ᠢ ᠮᠡᠳᠡᠷᠡᠨ ᠵᠥᠪᠰᠢᠶᠡᠷᠡᠵᠦ ᠪᠠᠶᠢᠨ᠎ᠠ᠂ ᠡᠶᠢᠮᠦ ᠠᠴᠠ ᠪᠦᠬᠦ ᠰᠢᠶᠠᠨ ᠢᠶᠠᠷ ᠢᠶᠠᠨ ᠲᠤᠰ ᠤᠳᠠᠭ᠎ᠠ ᠶᠢᠨ ᠲᠤᠬᠠᠢ ᠶᠢᠨ ᠲᠠᠯᠠᠪᠤᠷ ᠶᠢᠨ ᠬᠤᠷᠠᠯ ᠢᠶᠠᠷ ᠡᠬᠢᠯᠡᠯᠲᠡ ᠪᠣᠯᠭᠠᠵᠤ᠂  ᠦᠴᠦᠸᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠢᠯᠠᠭᠳᠠᠬᠤ ᠦᠭᠡᠢ ᠬᠤᠴᠣᠷᠬᠤ ᠦᠭᠡᠢ ᠡᠷᠴᠢ ᠵᠣᠷᠢᠭ ᠢᠶᠠᠷ ᠠᠵᠢᠯ ᠬᠢᠬᠦ ᠶᠢ ᠬᠦᠰᠡᠬᠦ᠂ ᠵᠣᠷᠢᠭᠲᠠᠢ ᠪᠠᠷ ᠠᠵᠢᠯ ᠬᠢᠬᠦ᠂ ᠠᠵᠢᠯ ᠬᠢᠵᠦ ᠳᠡᠶᠢᠯᠬᠦ ᠶᠢ ᠪᠡᠶᠡᠯᠡᠭᠦᠯᠵᠦ᠂  ᠢᠳᠡᠪᠬᠢᠲᠡᠢ ᠤᠳᠤᠷᠢᠳᠤᠮᠵᠢ ᠶᠢ ᠪᠤᠢ ᠪᠣᠯᠭᠠᠵᠤ᠂ ᠪᠡᠯᠡ ᠣᠷᠣᠭᠤᠯᠤᠯᠲᠠ ᠶᠢᠨ ᠢᠲᠡᠭᠡᠯ ᠢ ᠨᠡᠮᠡᠭᠳᠡᠭᠦᠯᠬᠦ ᠬᠡᠷᠡᠭᠲᠡᠢ᠃      ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠨᠢᠭᠡᠳᠬᠡᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠲᠦᠷᠦᠯ ᠵᠦᠢᠯ ᠤᠨ ᠲᠣᠬᠢᠷᠠᠭᠤᠯᠤᠯᠲᠠ ᠶᠢ ᠴᠢᠩᠭᠠᠳᠬᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠴᠢᠬᠤᠯᠠᠴᠢᠯᠠᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ︔ ᠬᠤᠳᠠ ᠶᠢᠨ ᠱᠠᠲᠤᠨ ᠤ ᠤᠳᠤᠷᠢᠳᠤᠯᠭ᠎ᠠ ᠶᠢᠨ ᠮᠠᠨ ᠤ ᠰᠢᠶᠠᠨ ᠳᠤ ᠥᠭᠭᠦᠭᠰᠡᠨ ᠦᠨᠡᠯᠡᠯᠲᠡ ᠶᠢᠨ ᠰᠠᠨᠠᠯ ᠢ ᠦᠨᠳᠦᠰᠦᠯᠡᠨ ᠠᠯᠢ ᠲᠦᠷᠭᠡᠨ ᠢᠶᠠᠷ ᠰᠠᠶᠢᠵᠢᠷᠠᠭᠤᠯᠤᠨ ᠲᠡᠭᠦᠯᠳᠡᠷᠵᠢᠭᠦᠯᠵᠦ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠠᠵᠤ ᠦᠢᠯᠡᠰ ᠤᠨ ᠪᠠᠶᠢᠷᠢᠰᠢᠯ ᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠲᠡᠰ ᠳᠠᠪᠬᠤᠷᠭ᠎ᠠ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠰᠣᠶᠣᠯ ᠢ ᠪᠤᠢ ᠪᠣᠯᠭᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠬᠢᠨᠠᠨ ᠵᠥᠪᠯᠡᠪᠡ᠃                          ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号