ᠬᠥᠬᠡᠬᠤᠲᠠ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢᠨ ︽ᠲᠤᠯᠤᠭ᠎ᠠ ᠳᠤ ᠣᠷᠣᠭᠤᠯᠬᠤ︾ ᠭᠤᠣᠯ ᠰᠡᠳᠦᠪᠲᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠪᠡ
ᠨᠡᠶᠢᠲᠡᠯᠡᠭᠰᠡᠨ ᠴᠠᠭ᠄
2023/7/25
      7 ᠰᠠᠷ᠎ᠠ ᠶᠢᠨ 20 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠠᠯᠪᠠᠨ ᠭᠡᠷ ᠦᠴᠦᠸᠠᠨ ᠰᠢᠶᠠᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠠᠯᠪᠠᠨ ᠭᠡᠷ ᠲᠠᠢ ᠬᠠᠮᠲᠤᠷᠠᠨ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢᠨ ︽ᠳᠣᠯᠤᠭ᠎ᠠ ᠳᠤ ᠣᠷᠣᠭᠤᠯᠬᠤ︾ ᠭᠤᠣᠯ ᠰᠡᠳᠦᠪᠲᠦ ᠠᠵᠢᠯᠯᠠᠭ᠎ᠠ ᠶᠢ ᠡᠷᠭᠢᠯᠡᠵᠦ᠂ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠪᠠᠶᠢᠭᠤᠯᠤᠯᠭ᠎ᠠ ᠂ ᠬᠥᠳᠡᠭᠡ ᠲᠣᠰᠬᠤᠨ᠂ ᠨᠡᠶᠢᠭᠡᠮ ᠲᠣᠭᠤᠷᠢᠭ᠂ ᠰᠤᠷᠭᠠᠭᠤᠯᠢ᠂ ᠠᠵᠤ ᠠᠬᠤᠶᠢᠯᠠᠯ᠂ ᠴᠡᠷᠢᠭ ᠤᠨ ᠬᠤᠸᠠᠷᠠᠨ᠂ ᠰᠦᠯᠵᠢᠶ᠎ᠡ ᠳᠤ ᠣᠷᠣᠭᠤᠯᠬᠤ ᠶᠢ ᠢᠳᠡᠪᠬᠢᠲᠡᠢ ᠠᠬᠢᠭᠤᠯᠵᠤ᠂ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠪᠡ᠃
     ᠠᠵᠢᠯᠯᠠᠭ᠎ᠠ ᠵᠢᠩᠬᠢᠨᠢ ᠪᠠᠷ ᠡᠬᠢᠯᠡᠭᠰᠡᠨ ᠤ ᠳᠠᠷᠠᠭ᠎ᠠ᠂ ᠬᠥᠲᠥᠯᠥᠭᠴᠢ ᠠᠴᠠ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠲᠤᠬᠠᠢ ᠶᠢᠨ ᠲᠠᠯᠠᠪᠤᠷ ᠲᠤ ᠪᠠᠰᠠ ︽4.15 ᠶᠢᠨ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠹᠢᠯᠢᠮ︾ ᠢ ᠨᠠᠪᠲᠠᠷᠡᠭᠦᠯᠵᠦ᠂ ᠳᠡᠷᠭᠡᠳᠡ ᠨᠢ ᠨᠢᠭᠤᠭᠳᠠᠵᠤ ᠪᠠᠶᠢᠭ᠎ᠠ ᠤᠯᠤᠰ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠦᠶᠯᠡ ᠠᠵᠢᠯᠯᠠᠭ᠎ᠠ ᠶᠢ ᠣᠯᠠᠨ ᠳᠤ ᠣᠶᠢᠯᠠᠭᠠᠭᠤᠯᠵᠤ᠂ ᠠᠷᠠᠳ ᠣᠯᠠᠨ ᠤ ᠤᠯᠤᠰ ᠤᠨ ᠠᠮᠤᠷ ᠲᠦᠪᠰᠢᠨ ᠤ ᠲᠤᠬᠠᠢ ᠣᠶᠢᠯᠠᠭᠠᠬᠤ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃      ᠭᠤᠴᠣᠯᠠᠯ ᠳᠠᠭᠤᠤ ︽ᠨᠤᠲᠤᠭ ᠤᠨ ᠳᠠᠭᠤᠤ ᠶᠢ ᠨᠠᠮ ᠳᠠᠭᠠᠨ ᠳᠠᠭᠤᠯᠠᠶ᠎ᠠ︾᠂ ᠱᠤᠭ ᠶᠠᠷᠢᠶ᠎ᠠ ︽ᠮᠢᠨᠤ ᠪᠤᠷᠤᠭᠤ ᠪᠢᠰᠢ︾᠂ ᠭᠤᠴᠣᠯᠠᠯ ᠳᠠᠭᠤᠤ ︽ᠪᠢ ᠡᠬᠡ ᠤᠯᠤᠰ ᠲᠠᠢ ᠪᠠᠨ︾ ᠵᠡᠷᠭᠡ ᠲᠣᠭᠯᠠᠯᠲᠠ ᠨᠢ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠪᠠ᠃ ᠡᠭᠦᠨ ᠤ ᠳᠠᠷᠠᠭ᠎ᠠ᠂ ᠤᠯᠤᠰ ᠤᠨ ᠠᠮᠤᠷ ᠲᠦᠪᠰᠢᠨ ᠤ ᠮᠡᠳᠡᠯᠭᠡ ᠶᠢᠨ ᠰᠡᠳᠦᠪ ᠬᠠᠷᠢᠭᠤᠯᠤᠨ ᠬᠦᠳᠦᠯᠥᠯᠴᠡᠬᠦ ᠭᠤᠭᠴᠤᠭ᠎ᠠ ᠨᠢ ᠨᠠᠩ ᠴᠤ ᠠᠵᠢᠯᠯᠠᠭ᠎ᠠ ᠶᠢ ᠤᠷᠭᠢᠯ ᠳᠤ ᠬᠦᠷᠭᠡᠵᠦ᠂ ᠦᠵᠡᠭᠴᠢᠳ ᠬᠤᠶᠢᠨ᠎ᠠ ᠬᠤᠶᠢᠨ᠎ᠠ ᠠᠴᠠ ᠪᠠᠨ ᠭᠠᠷ ᠡᠷᠭᠦᠨ ᠵᠠᠪᠳᠤᠨ ᠬᠠᠷᠢᠭᠤᠯᠵᠤ᠂ ᠲᠤᠬᠠᠢ ᠶᠢᠨ ᠲᠠᠯᠠᠪᠤᠷ ᠤᠨ ᠠᠭᠤᠷ ᠠᠮᠢᠰᠬᠤᠯ ᠬᠥᠷ ᠬᠥᠭᠵᠢᠶᠡᠨ ᠲᠠᠢ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠮᠠᠨ ᠤ ᠰᠢᠶᠠᠨ ᠤ ᠬᠢᠨ ᠰᠤᠷᠤᠯᠴᠠᠨ ᠤᠬᠠᠭᠤᠯᠬᠤ ᠠᠵᠢᠯᠯᠠᠭ᠎ᠠ ᠶᠢᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ︽ᠲᠤᠯᠤᠭ᠎ᠠ ᠳᠤ ᠣᠷᠣᠭᠤᠯᠬᠤ︾ ᠠᠵᠢᠯ ᠢ ᠦᠷᠭᠦᠯᠵᠢᠯᠡᠨ ᠠᠬᠢᠭᠤᠯᠵᠤ᠂ ᠤᠯᠤᠰ ᠤᠨ ᠠᠮᠤᠷ ᠲᠦᠪᠰᠢᠨ ᠤ ᠤᠬᠠᠮᠰᠠᠷ ᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠵᠤ᠂ ︽ᠬᠥᠮᠥᠨ ᠪᠦᠬᠦᠨ ᠠᠮᠤᠷ ᠲᠦᠪᠰᠢᠨ ᠢ ᠣᠶᠢᠯᠠᠭᠠᠵᠤ᠂ ᠬᠥᠮᠥᠨ ᠪᠦᠬᠦᠨ ᠠᠮᠤᠷ ᠲᠦᠪᠰᠢᠨ ᠤ ᠲᠥᠯᠥᠭᠡ ᠵᠢᠳᠬᠦᠬᠦ︾ ᠠᠮᠢᠳᠤᠯᠢᠭ ᠪᠠᠶᠢᠳᠠᠯ ᠢ ᠪᠦᠷᠢᠯᠳᠦᠭᠦᠯᠵᠦ᠂ ᠤᠯᠤᠰ ᠤᠨ ᠠᠮᠤᠷ ᠲᠦᠪᠰᠢᠨ ᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠬᠠᠮᠲᠤᠪᠠᠷ ᠴᠣᠭᠴᠠᠯᠠᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号