ᠦᠴᠦᠸᠠᠨ ᠰᠢᠶᠠᠨ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠠᠵᠢᠯ ᠤᠨ ᠠᠵᠢᠯᠲᠠᠳ ᠤᠨ ᠴᠢᠳᠠᠪᠤᠷᠢ ᠬᠡᠪ ᠴᠢᠨᠠᠷ ᠤᠨ ᠪᠣᠳᠠᠲᠤ ᠪᠠᠶᠢᠯᠳᠤᠭᠠᠨ ᠤ ᠮᠡᠳᠡᠯᠭᠡ ᠶᠢᠨ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2023/7/25
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠪᠬᠢ ᠪᠣᠯᠣᠨ ᠵᠣᠬᠢᠶᠠᠨ ᠪᠠᠶᠢᠭᠤᠯᠤᠯᠲᠠ ᠶᠢᠨ ᠴᠢᠳᠠᠪᠬᠢ ᠶᠢ ᠴᠢᠩᠭᠠᠳᠬᠠᠵᠤ᠂ ᠨᠠᠮ ᠤᠨ ᠭᠡᠰᠢᠭᠦᠨ ᠤ ᠡᠩᠨᠡᠭᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠶᠢᠨ ᠲᠥᠯᠥᠭᠡ᠂ ᠤᠯᠤᠰ ᠲᠦᠷᠦ ᠶᠢᠨ ᠲᠠᠯ᠎ᠠ ᠪᠠᠷ ᠴᠢᠩᠭ᠎ᠠ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠣᠪᠣᠷ ᠰᠤᠷᠲᠠᠯ ᠰᠠᠶᠢᠨ ᠨᠠᠮ ᠤᠨ ᠠᠵᠢᠯ ᠤᠨ ᠺᠠᠳ᠋ᠷ ᠤᠨ ᠡᠩᠨᠡᠭᠡ ᠶᠢ ᠬᠦᠴᠦᠯᠡᠨ ᠪᠠᠶᠢᠭᠤᠯᠬᠤ ᠬᠡᠷᠡᠭᠲᠡᠢ᠃ 7 ᠰᠠᠷ᠎ᠠ ᠶᠢᠨ 20 ᠤ ᠡᠳᠦᠷ᠂ ᠦᠴᠦᠸᠠᠨ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠭᠤᠣᠯᠯᠠᠨ ᠡᠷᠭᠢᠯᠡᠭᠰᠡᠨ ᠪᠥᠬᠦ ᠰᠢᠶᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠠᠵᠢᠯᠲᠠᠨ ᠤ ᠴᠢᠳᠠᠪᠤᠷᠢ ᠬᠡᠪ ᠴᠢᠨᠠᠷ ᠤᠨ ᠪᠣᠳᠠᠲᠤ ᠪᠠᠶᠢᠯᠳᠤᠭᠠᠨ ᠤ ᠮᠡᠳᠡᠯᠭᠡ ᠶᠢᠨ ᠤᠷᠤᠯᠳᠤᠭᠠᠨ ︵ᠰᠢᠢᠳᠪᠦᠷᠢᠲᠦ ᠤᠷᠤᠯᠳᠤᠭᠠᠨ︶ ᠦᠴᠦᠸᠠᠨ ᠰᠢᠶᠠᠨ ᠳᠤ ᠦᠪᠡᠳᠡᠭᠰᠢ ᠶᠡᠭᠡ ᠪᠠᠷ ᠡᠬᠢᠯᠡᠪᠡ᠃
     ᠲᠣᠰ ᠤᠳᠠᠭᠠᠨ ᠤ ᠮᠡᠳᠡᠯᠭᠡ ᠶᠢᠨ ᠤᠷᠤᠯᠳᠤᠭᠠᠨ ᠨᠢ ᠨᠢᠭᠡᠨᠲᠡ ᠪᠡᠯᠡᠳᠬᠡᠯ ᠤᠷᠤᠯᠳᠤᠭᠠᠨ ᠢ ᠥᠩᠭᠡᠷᠡᠭᠦᠯᠪᠡ᠂ ᠪᠥᠬᠦ ᠰᠢᠶᠠᠨ ᠤ ᠡᠯ᠎ᠡ ᠪᠠᠶᠢᠭᠤᠯᠤᠯᠭ᠎ᠠ ᠨᠢᠭᠡᠴᠡ ᠪᠣᠯᠣᠨ ᠡᠯ᠎ᠡ ᠰᠢᠶᠠᠩ ᠪᠠᠯᠭᠠᠰᠤᠨ ᠤ 60 ᠡᠩᠨᠡᠭᠡ ᠶᠢᠨ ᠳᠣᠲᠣᠷ᠎ᠠ ᠠᠴᠠ ᠨᠡᠶᠢᠲᠡ 16 ᠡᠩᠨᠡᠭᠡ ᠴᠣᠯᠭᠤᠷᠠᠨ ᠭᠠᠷᠴᠤ ᠰᠢᠢᠳᠪᠦᠷᠢᠲᠦ ᠤᠷᠤᠯᠳᠤᠭᠠᠨ ᠳᠤ ᠣᠷᠣᠭᠰᠠᠨ ᠪᠠᠶᠢᠨ᠎ᠠ᠃ ᠤᠷᠤᠯᠳᠤᠭᠠᠨ ᠳᠤ ᠵᠠᠪᠠᠯ ᠬᠠᠷᠢᠭᠤᠯᠬᠤ ᠰᠡᠳᠦᠪ᠂ ᠴᠠᠭ ᠢ ᠬᠢᠵᠠᠭᠠᠷᠯᠠᠬᠤ ᠰᠡᠳᠦᠪ᠂ ᠵᠠᠪᠳᠤᠨ ᠬᠠᠷᠢᠭᠤᠯᠬᠤ ᠰᠡᠳᠦᠪ ᠵᠡᠷᠭᠡ ᠭᠤᠷᠪᠠᠨ ᠭᠤᠭᠴᠤᠭ᠎ᠠ ᠶᠢ ᠲᠣᠬᠢᠷᠠᠭᠤᠯᠵᠤ᠂ ᠰᠡᠳᠦᠪ ᠰᠣᠩᠭᠤᠬᠤ ᠠᠭᠤᠯᠭ᠎ᠠ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ᠂ ᠦᠨᠳᠦᠰᠦᠲᠡᠨ ᠤ ᠪᠦᠯᠬᠦᠮᠳᠡᠯ ᠵᠡᠷᠭᠡ ᠬᠠᠮᠢᠶ᠎ᠠ ᠪᠦᠬᠦᠢ ᠮᠡᠳᠡᠯᠭᠡ ᠲᠠᠢ ᠨᠢᠭᠲᠠ ᠤᠶᠠᠯᠳᠤᠭᠤᠯᠵᠠᠢ᠃
     ᠤᠷᠤᠯᠳᠤᠭᠠᠨ ᠤ ᠲᠤᠬᠠᠢ ᠶᠢᠨ ᠲᠠᠯᠠᠪᠠᠢ ᠳᠤ᠂ ᠤᠷᠤᠯᠳᠤᠭᠠᠨ ᠳᠤ ᠣᠷᠣᠯᠴᠠᠭᠰᠠᠳ ᠴᠤᠭ ᠵᠢᠪᠬᠤᠭ᠎ᠠ ᠲᠡᠭᠦᠯᠳᠡᠷ ᠪᠠᠶᠢᠵᠤ᠂ ᠪᠦᠯᠬᠦᠮᠳᠡᠨ ᠬᠠᠮᠵᠢᠯᠴᠠᠵᠤ᠂ ᠤᠷᠤᠰᠤᠮ᠎ᠠ ᠰᠠᠶᠢᠬᠠᠨ ᠬᠠᠷᠢᠭᠤᠯᠲᠠ ᠪᠠᠷ ᠢᠶᠠᠨ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠵᠤ᠂ ᠢᠯᠠᠩᠭᠤᠶ᠎ᠠ ᠴᠠᠭ ᠢ ᠬᠢᠵᠠᠭᠠᠷᠯᠠᠬᠤ ᠪᠠ ᠰᠡᠳᠦᠪ ᠢ ᠵᠠᠪᠳᠤᠨ ᠬᠠᠷᠢᠭᠤᠯᠬᠤ ᠭᠤᠭᠴᠤᠭ᠎ᠠ ᠳᠤ᠂ ᠤᠷᠤᠯᠳᠤᠭᠠᠨ ᠳᠤ ᠣᠷᠣᠯᠴᠠᠭᠰᠠᠳ ᠬᠠᠷᠢᠯᠴᠠᠨ ᠤᠷᠦᠯᠳᠦᠵᠦ᠂ ᠬᠠᠷᠢᠯᠴᠠᠨ ᠨᠠᠶᠢᠷ ᠲᠠᠯᠪᠢᠬᠤ ᠦᠭᠡᠢ ᠪᠠᠶᠢᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠤᠷᠴᠠ ᠰᠢᠷᠦᠭᠦᠨ ᠪᠠᠶᠢᠯ᠎ᠠ᠃ ᠡᠨᠡ ᠨᠢ ᠮᠠᠨ ᠤ ᠰᠢᠶᠠᠨ ᠤ ᠨᠠᠮ ᠤᠨ ᠠᠵᠢᠯ ᠤᠨ ᠠᠵᠢᠯᠲᠠᠳ ᠤᠨ ᠨᠠᠮ ᠤᠨ ᠠᠵᠢᠯ ᠤᠨ ᠲᠤᠬᠠᠢ ᠯᠠᠪᠳᠠᠭᠤᠨ ᠪᠠᠲᠤᠲᠠᠢ ᠮᠡᠳᠡᠯᠭᠡ ᠶᠢᠨ ᠰᠠᠭᠤᠷᠢ ᠪᠣᠯᠣᠨ ᠢᠳᠡᠪᠬᠢᠲᠡᠢ ᠪᠠᠷ ᠥᠭᠡᠳᠡᠯᠡᠨ ᠳᠠᠪᠰᠢᠬᠤ ᠵᠣᠷᠢᠭ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠬᠠᠷᠠᠭᠤᠯᠤᠭᠰᠠᠨ ᠪᠠᠶᠢᠨ᠎ᠠ᠃ ᠤᠷᠤᠯᠳᠤᠭᠠᠨ ᠤ ᠵᠠᠪᠰᠠᠷ ᠲᠤ᠂ ᠪᠠᠰᠠ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠬᠠᠨᠳᠤᠭᠤᠯᠤᠨ ᠨᠠᠮ ᠤᠨ ᠠᠵᠢᠯ ᠤᠨ ᠲᠤᠬᠠᠢ ᠮᠡᠳᠡᠯᠭᠡ ᠶᠢᠨ ᠠᠰᠠᠭᠤᠯᠲᠠ ᠬᠠᠷᠢᠭᠤᠯᠲᠠ ᠬᠢᠵᠦ᠂ ᠲᠤᠬᠠᠢ ᠶᠢᠨ ᠲᠠᠯᠠᠪᠠᠢ ᠶᠢᠨ ᠦᠵᠡᠭᠴᠢᠳ ᠢᠳᠡᠪᠬᠢᠲᠡᠢ ᠣᠷᠣᠯᠴᠠᠭᠰᠠᠨ ᠪᠠᠶᠢᠨ᠎ᠠ᠃      ᠬᠤᠷᠴᠠ ᠰᠢᠷᠦᠭᠦᠨ ᠥᠷᠢᠰᠦᠯᠳᠦᠭᠡᠨ ᠢᠶᠠᠷ ᠳᠠᠮᠵᠢᠭᠠᠳ ᠡᠴᠦᠰ ᠲᠡᠭᠡᠨ ᠨᠢᠭᠡᠳᠦᠭᠡᠷ ᠳᠡᠰ ᠤᠨ ᠱᠠᠩᠨᠠᠯ ᠳᠤ 1 ᠨᠡᠷᠡᠰ᠂ ᠬᠤᠶᠠᠳᠤᠭᠠᠷ ᠳᠡᠰ ᠤᠨ ᠱᠠᠩᠨᠠᠯ ᠳᠤ 2 ᠨᠡᠷᠡᠰ᠂ ᠭᠤᠷᠪᠠᠳᠤᠭᠠᠷ ᠳᠡᠰ ᠤᠨ ᠱᠠᠩᠨᠠᠯ ᠳᠤ 3 ᠨᠡᠷᠡᠰ ᠰᠢᠯᠭᠠᠷᠠᠵᠤ᠂ ᠦᠴᠦᠸᠠᠨ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠲᠥᠯᠥᠭᠡᠯᠡᠭᠴᠢᠳ ᠤᠨ ᠠᠩᠭᠢ ᠲᠤᠰ ᠤᠳᠠᠭᠠᠨ ᠤ ᠤᠷᠤᠯᠳᠤᠭᠠᠨ ᠳᠤ ᠮᠠᠩᠯᠠᠶᠢᠯᠠᠪᠠ᠃      ᠲᠤᠰ ᠤᠳᠠᠭᠠᠨ ᠤ ᠤᠷᠤᠯᠳᠤᠭᠠᠨ ᠢᠶᠠᠷ ᠳᠠᠮᠵᠢᠭᠠᠳ᠂ ᠮᠠᠨ ᠤ ᠰᠢᠶᠠᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠳᠤ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠭᠦᠢᠴᠡᠳ ᠬᠥᠭᠵᠢᠭᠡᠵᠦ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠵᠣᠷᠢᠯᠭ᠎ᠠ ᠳᠤ ᠬᠦᠷᠴᠦ᠂ ᠡᠭᠦᠨ ᠤ ᠤᠯᠠᠮ ᠠᠴᠠ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠲᠦᠷᠦ ᠶᠢᠨ ᠬᠡᠪ ᠪᠣᠯᠪᠠᠰᠤᠷᠠᠯ᠂ ᠤᠨᠤᠯ ᠤᠨ ᠲᠦᠪᠰᠢᠨ ᠪᠣᠯᠣᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠤᠯᠠᠮ ᠴᠢᠨᠠᠭᠰᠢᠳᠠ ᠵᠣᠷᠢᠭᠵᠢᠭᠤᠯᠵᠤ᠂ ︽ᠵᠢᠷᠭᠤᠭᠠᠨ ᠰᠢᠨ᠎ᠡ ᠦᠴᠦᠸᠠᠨ︾ ᠢ ᠪᠦᠬᠦ ᠲᠠᠯ᠎ᠠ ᠪᠠᠷ ᠪᠠᠶᠢᠭᠤᠯᠬᠤ ᠶᠢ ᠭᠦᠨᠵᠡᠭᠡᠢ ᠠᠬᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号