ᠦᠴᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ︾ ᠳᠤ ᠮᠡᠬᠡᠯᠡᠭᠳᠡᠭᠰᠡᠨ ᠪᠡᠯᠡ ᠮᠥᠩᠭᠦ ᠶᠢ ᠲᠥᠪᠯᠡᠷᠡᠭᠦᠯᠦᠨ ᠪᠤᠴᠠᠭᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/7/25
      ᠣᠶᠢᠷ᠎ᠠ ᠶᠢᠨ ᠵᠢᠯ ᠠᠴᠠ ᠨᠠᠭᠠᠰᠢ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠰᠢᠨ᠎ᠡ ᠬᠡᠯᠪᠡᠷᠢ ᠶᠢᠨ ᠶᠠᠯᠠᠲᠤ ᠠᠵᠢᠯᠯᠠᠭ᠎ᠠ ᠶᠢᠨ ᠦᠳᠲᠡᠷ ᠲᠦᠷᠭᠡᠨ ᠨᠡᠮᠡᠭᠳᠡᠵᠦ ᠪᠠᠶᠢᠭ᠎ᠠ ᠪᠠᠶᠢᠳᠠᠯ ᠤᠨ ᠡᠮᠦᠨ᠎ᠡ᠂ ᠮᠠᠨ ᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠬᠢᠯᠭᠠᠨ ᠬᠤᠯᠪᠣᠭ᠎ᠠ ᠰᠦᠯᠵᠢᠶᠡᠨ ᠤ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠠᠩᠨᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠦᠴᠦᠲᠡᠢ ᠴᠣᠬᠢᠯᠲᠠ ᠥᠭᠴᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠶᠢ ᠪᠦᠲᠦᠮᠵᠢᠲᠡᠶ ᠪᠠᠷ ᠬᠤᠷᠢᠭᠯᠠᠭᠰᠠᠨ ᠪᠠᠶᠢᠨ᠎ᠠ᠃ 7 ᠰᠠᠷ᠎ᠠ ᠶᠢᠨ 20 ᠤ ᠡᠳᠦᠷ᠂ ᠮᠠᠨ ᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ︾ ᠳᠤ ᠮᠡᠬᠡᠯᠡᠭᠳᠡᠭᠰᠡᠨ ᠪᠡᠯᠡ ᠮᠥᠩᠭᠦ ᠶᠢ ᠲᠥᠪᠯᠡᠷᠡᠭᠦᠯᠦᠨ ᠪᠤᠴᠠᠭᠠᠬᠤ ᠶᠣᠰᠣᠯᠠᠯ ᠶᠠᠪᠤᠭᠤᠯᠵᠤ᠂ ᠦᠴᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠶᠢᠷ᠎ᠠ ᠶᠢᠨ ᠬᠤᠭᠤᠴᠠᠭᠠᠨ ᠳᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠭᠰᠠᠨ ᠪᠠᠶᠢᠳᠠᠯ ᠵᠢᠴᠢ 4 ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠭᠰᠡᠨ ᠪᠥᠭᠡᠳ ᠮᠡᠬᠡᠯᠡᠭᠳᠡᠭᠰᠡᠨ ᠣᠯᠠᠨ ᠲᠦᠮᠡᠨ ᠳᠤ ᠬᠡᠷᠡᠭ ᠲᠤ ᠬᠤᠯᠪᠣᠭᠳᠠᠭᠰᠠᠨ ᠪᠡᠯᠡ ᠮᠥᠩᠭᠦ 41 ᠲᠦᠮᠡᠨ ᠲᠥᠭᠦᠷᠢᠭ ᠢ ᠪᠤᠴᠠᠭᠠᠨ ᠥᠭᠴᠡᠢ᠃
     ᠣᠶᠢᠯᠠᠭᠠᠭᠰᠠᠨ ᠢᠶᠠᠷ᠂ ᠡᠨᠡ ᠵᠢᠯ ᠠᠴᠠ ᠨᠠᠰᠢ᠂ ᠦᠴᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ︽ᠮᠡᠬᠡᠯᠡᠯ ᠢ ᠡᠰᠡᠷᠭᠦᠴᠡᠬᠦ︾ ᠲᠠᠩᠨᠠᠨ ᠪᠠᠶᠢᠴᠠᠭᠠᠬᠤ ᠳᠤᠭᠤᠶᠢᠯᠠᠩ ᠤᠨ ᠲᠤᠰᠬᠠᠢ ᠮᠡᠷᠭᠡᠵᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠲᠣᠮᠣ ᠬᠡᠷᠡᠭ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠪᠠᠩᠬᠢ ᠶᠢᠨ ᠲᠠᠩᠰᠠ ᠨᠡᠭᠡᠭᠡᠭᠰᠡᠨ 11234 ᠡᠷᠦᠬᠡ ᠶᠢ ᠬᠠᠷᠭᠤᠭᠤᠯᠤᠨ ᠪᠠᠶᠢᠴᠠᠭᠠᠵᠤ᠂ 1621 ᠵᠤᠷᠪᠤᠰ ᠰᠦᠪᠡᠭᠴᠢ ᠳᠤ ᠠᠭᠤᠯᠵᠠᠨ ᠤᠷᠢᠳᠴᠢᠯᠠᠨ ᠰᠡᠷᠡᠮᠵᠢᠯᠡᠭᠦᠯᠵᠦ᠂ 46 ᠤᠳᠠᠭ᠎ᠠ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢ ᠥᠷᠨᠢᠭᠦᠯᠵᠦ᠂ ᠨᠡᠶᠢᠲᠡ 14 ᠬᠡᠷᠡᠭ ᠢ ᠢᠯᠡᠷᠡᠭᠦᠯᠵᠦ᠂ 82 ᠬᠥᠮᠥᠨ ᠢ ᠴᠣᠬᠢᠨ ᠰᠢᠳᠭᠡᠵᠦ᠂ 118 ᠬᠥᠮᠥᠨ ᠢ ᠵᠢᠮᠡᠯᠡᠨ ᠴᠡᠭᠡᠷᠯᠡᠭᠦᠯᠵᠦ᠂ ᠮᠡᠬᠡᠯᠡᠭᠳᠡᠭᠰᠡᠨ ᠣᠯᠠᠨ ᠲᠦᠮᠡᠨ ᠳᠤ ᠨᠡᠶᠢᠲᠡ 50.57 ᠲᠦᠮᠡᠨ ᠲᠥᠭᠦᠷᠢᠭ ᠤᠨ ᠵᠣᠭᠤᠰ ᠢ ᠪᠤᠴᠠᠭᠠᠨ ᠥᠭᠪᠡ᠃ ᠬᠡᠷᠡᠭ ᠢᠯᠡᠷᠡᠭᠦᠯᠦᠭᠰᠡᠨ ᠨᠣᠷᠮ᠎ᠠ 70% ᠳᠤ ᠬᠦᠷᠴᠦ᠂ ᠪᠥᠬᠦ ᠬᠤᠲᠠ ᠶᠢᠨ ᠨᠢᠭᠡᠳᠦᠭᠡᠷ ᠲᠤ ᠣᠷᠣᠵᠤ᠂ ᠴᠣᠬᠢᠯᠲᠠ ᠦᠭᠴᠦ ᠰᠢᠢᠳᠪᠦᠷᠢᠯᠡᠭᠰᠡᠨ ᠨᠣᠷᠮ᠎ᠠ ᠠᠳᠠᠯᠢ ᠬᠤᠭᠤᠴᠠᠭᠠᠨ ᠤ  ᠬᠢ ᠠᠴᠠ 228% ᠪᠠᠷ ᠳᠡᠭᠡᠭᠰᠢᠯᠡᠵᠦ᠂ ᠬᠡᠷᠡᠭ ᠢᠯᠡᠷᠡᠭᠦᠯᠦᠭᠰᠡᠨ ᠨᠣᠷᠮ᠎ᠠ ᠠᠳᠠᠯᠢ ᠬᠤᠭᠤᠴᠠᠭᠠᠨ ᠤ ᠬᠢ ᠠᠴᠠ 133% ᠪᠠᠷ ᠳᠡᠭᠡᠭᠰᠢᠯᠡᠵᠦ᠂ ᠬᠡᠷᠡᠭ ᠭᠠᠷᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 33% ᠪᠠᠷ ᠪᠠᠭᠤᠷᠠᠵᠤ᠂ ᠡᠳ᠋ ᠬᠥᠷᠥᠩᠭᠡ ᠶᠢᠨ ᠬᠤᠬᠢᠷᠠᠯ ᠠᠳᠠᠯᠢ ᠬᠤᠭᠤᠴᠠᠭᠠᠨ ᠤ ᠬᠢ ᠠᠴᠠ 45% ᠪᠠᠷ ᠪᠠᠭᠤᠷᠠᠵᠤ᠂ ︽ᠬᠤᠶᠠᠷ ᠢ ᠳᠡᠭᠡᠭᠰᠢᠯᠡᠭᠦᠯᠵᠦ ᠬᠤᠶᠠᠷ ᠢ ᠪᠠᠭᠤᠷᠠᠭᠤᠯᠬᠤ︾ ᠬᠠᠷᠠᠯᠲᠠ ᠶᠢ ᠪᠡᠶᠡᠯᠡᠭᠦᠯᠪᠡ᠃
     ᠬᠤᠶᠢᠰᠢᠳᠠ ᠦᠴᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠪᠦᠬᠦ ᠴᠠᠭᠳᠠᠭ᠎ᠠ ᠪᠠᠷ ᠢᠶᠠᠨ ᠮᠡᠬᠡᠯᠡᠬᠦ ᠶᠢ ᠡᠰᠡᠷᠭᠦᠴᠡᠬᠦ᠂ ᠪᠦᠬᠦ ᠨᠡᠶᠢᠭᠡᠮ ᠢᠶᠠᠷ ᠢᠶᠠᠨ ᠮᠡᠬᠡᠯᠡᠬᠦ ᠶᠢ ᠡᠰᠡᠷᠭᠦᠴᠡᠬᠦ︾ ᠠᠵᠢᠯ ᠤᠨ ᠪᠠᠶᠢᠷᠢᠰᠢᠯ ᠢ ᠴᠢᠨᠠᠭᠰᠢᠳᠠ ᠪᠦᠷᠢᠨᠰᠢᠭᠦᠯᠵᠦ᠂ ᠤᠨᠢᠨ ᠳᠡᠭᠡᠷ᠎ᠡ ᠨᠢ ᠰᠤᠳᠤᠯᠤᠨ ᠮᠠᠭᠠᠳᠯᠠᠬᠤ᠂ ᠤᠨᠢᠨ ᠳᠡᠭᠡᠷ᠎ᠡ ᠨᠢ ᠤᠷᠢᠳᠴᠢᠯᠠᠨ ᠰᠡᠷᠡᠮᠵᠢᠯᠡᠭᠦᠯᠬᠦ᠂ ᠤᠨᠢᠨ ᠳᠡᠭᠡᠷ᠎ᠡ ᠨᠢ ᠴᠣᠬᠢᠯᠲᠠ ᠥᠭᠬᠦ᠂ ᠤᠨᠢᠨ ᠳᠡᠭᠡᠷ᠎ᠡ ᠨᠢ ᠰᠡᠷᠭᠡᠶᠢᠯᠡᠬᠦ ᠶᠢ ᠴᠢᠷᠮᠠᠶᠢᠨ ᠪᠡᠶᠡᠯᠡᠭᠦᠯᠵᠦ᠂ ᠴᠣᠬᠢᠯᠲᠠ ᠥᠭᠴᠦ ᠵᠠᠰᠠᠭᠰᠠᠨ ᠦᠷ᠎ᠡ ᠪᠦᠲᠦᠮᠵᠢ ᠪᠠᠨ ᠲᠠᠰᠤᠷᠠᠯᠲᠠ ᠦᠭᠡᠢ ᠪᠠᠬᠢᠵᠢᠭᠦᠯᠵᠦ᠂ ᠠᠷᠠᠳ ᠤᠯᠠᠨ ᠤ ︽ᠵᠣᠭᠤᠰᠤᠨ ᠪᠣᠭᠴᠣ︾  ᠶᠢ ᠡᠷᠡᠰ ᠰᠠᠬᠢᠨ᠎ᠠ᠃ ᠡᠭᠦᠨ ᠤ ᠵᠡᠷᠭᠡᠴᠡᠭᠡᠪᠡᠷ᠂ ᠥᠷᠭᠡᠨ ᠤᠯᠠᠨ ᠲᠦᠮᠡᠨ ᠤ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠠᠵᠢᠯᠯᠠᠭ᠎ᠠ ᠶᠢ ᠰᠡᠷᠭᠡᠶᠢᠯᠡᠵᠦ᠂ ᠥᠪᠡᠷ ᠤᠨ ᠡᠳ᠋ ᠬᠥᠷᠥᠩᠭᠡ ᠪᠠᠨ ᠬᠤᠬᠢᠷᠠᠭᠤᠯᠬᠤ ᠠᠴᠠ ᠵᠠᠶᠢᠯᠠᠰᠬᠢᠬᠦ ᠶᠢ ᠬᠦᠰᠡᠵᠦ ᠪᠠᠶᠢᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号