ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠦᠴᠦᠸᠠᠨ ᠰᠢᠶᠠᠨ ᠳᠤ ᠬᠦᠷᠴᠦ ᠬᠠᠮᠲᠤ ᠪᠠᠷ ᠪᠠᠶᠢᠴᠠᠭᠠᠨ ᠦᠵᠡᠪᠡ
ᠨᠡᠶᠢᠲᠡᠯᠡᠭᠰᠡᠨ ᠴᠠᠭ᠄
2023/7/28
     7 ᠰᠠᠷ᠎ᠠ ᠶᠢᠨ 25 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠣᠯᠣᠨ ᠦᠴᠦᠸᠠᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠶᠠᠷ ᠱᠠᠲᠤ ᠬᠤᠯᠪᠤᠭᠠᠯᠠᠨ ᠬᠥᠳᠡᠯᠦᠯᠴᠡᠵᠦ᠂ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ᠂ ᠰᠢᠶᠠᠩ ᠪᠠᠯᠭᠠᠰᠤ ᠵᠡᠷᠭᠡ ᠲᠠᠪᠤᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠤᠨ ᠮᠠᠨ ᠤ ᠰᠢᠶᠠᠨ ᠳᠤ ᠬᠦᠷᠴᠦ ᠬᠠᠮᠲᠤ ᠪᠠᠷ ᠪᠠᠶᠢᠴᠠᠭᠠᠨ ᠦᠵᠡᠪᠡ᠃      ᠪᠦᠬᠦ ᠬᠤᠲᠠ ᠶᠢᠨ ᠡᠯ᠎ᠡ ᠠᠵᠢᠯ ᠲᠥᠷᠥᠯ᠂ ᠡᠯ᠎ᠡ ᠬᠦᠷᠢᠶᠡᠨ ᠤ 60 ᠭᠠᠷᠤᠢ ᠲᠠᠪᠤᠨ ᠳᠡᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠡᠩ ᠲᠡᠷᠢᠭᠦᠨ ᠳᠤ ᠦᠴᠦᠸᠠᠨ ᠤ ᠠᠵᠤ ᠦᠢᠯᠡᠰ ᠤᠨ ᠲᠥᠯᠦᠪᠵᠢᠭᠦᠯᠭᠡ ᠶᠢᠨ ᠦᠵᠡᠭᠦᠯᠦᠯᠭᠡ ᠶᠢᠨ ᠣᠷᠳᠣᠨ ᠳᠤ ᠬᠦᠷᠴᠦ᠂ ᠦᠴᠦᠸᠠᠨ ᠰᠢᠶᠠᠨ ᠤ ᠠᠵᠤ ᠦᠢᠯᠡᠰ ᠤᠨ ᠣᠨᠴᠠᠯᠢᠭ᠂ ᠶᠡᠷᠦᠩᠬᠡᠢ ᠲᠥᠯᠦᠪᠵᠢᠭᠦᠯᠭᠡ᠂ ᠳᠠᠪᠠᠭᠤᠯᠢᠭ ᠨᠥᠬᠦᠴᠡᠯ ᠵᠡᠷᠭᠡ ᠠᠭᠤᠯᠭ᠎ᠠ  ᠶᠢ ᠨᠠᠷᠢᠨ ᠣᠶᠢᠯᠠᠭᠠᠵᠤ᠂ ᠳᠠᠷᠠᠭ᠎ᠠ ᠪᠠᠷ ᠨᠢ ᠯᠢᠤᠢ ᠬᠡᠸ᠋ ᠰᠦ ᠶᠢᠨ ᠦᠢᠯᠡᠰ᠂ ᠰᠢᠨ ᠬᠤᠸᠠ ᠬᠦᠢᠲᠡᠨ ᠬᠡᠯᠬᠢᠶ᠎ᠡ᠂  ᠬᠤᠸᠠ ᠯᠠᠢ ᠱᠢ ᠢᠳᠡᠭᠡᠨ ᠡᠳ᠋ᠰᠢᠭᠦᠯᠬᠦ᠂   ᠶᠢᠨ ᠼᠤᠤ ᠶᠤᠸᠠᠨ ᠢᠳᠡᠰᠢᠨ ᠬᠤᠨᠢ ᠶᠢ ᠨᠠᠷᠢᠯᠢᠭ ᠡᠳ᠋ᠰᠢᠭᠦᠯᠬᠦ᠂  ᠱᠤ᠋ ᠶᠤᠸᠠᠨ ᠺᠠᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ᠂  ᠵᠢᠶᠧ ᠲᠠᠢ ᠨᠦᠸᠧ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ᠂ ᠶᠠᠨ ᠬᠦ᠋ ᠹᠠᠩ ᠠᠮᠢ ᠠᠬᠤᠢ ᠶᠢᠨ ᠲᠠᠷᠢᠶᠠᠯᠠᠩ ᠵᠡᠷᠭᠡ ᠠᠵᠤ ᠠᠬᠤᠶᠢᠯᠠᠯ᠂ ᠬᠦᠷᠢᠶᠡᠯᠡᠩ ᠲᠣᠭᠤᠷᠢᠭ ᠪᠣᠯᠣᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠶᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠦᠴᠦᠸᠠᠨ ᠰᠢᠶᠠᠨ ᠤ ᠥᠪᠡᠷᠮᠢᠴᠡ ᠣᠨᠴᠠᠯᠢᠭ ᠲᠠᠢ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ᠂ ᠣᠨᠴᠠᠯᠢᠭᠲᠤ ᠠᠵᠤ ᠦᠢᠯᠡᠰ ᠢᠶᠠᠷ ᠭᠠᠷᠳᠠᠴᠠ ᠪᠣᠯᠭᠠᠵᠤ᠂ ᠰᠤᠯᠠ ᠪᠠᠶᠢᠭ᠎ᠠ ᠡᠬᠢ ᠪᠠᠶᠠᠯᠢᠭ ᠢ ᠢᠳᠡᠪᠬᠢᠲᠡᠢ ᠠᠮᠢᠯᠠᠭᠤᠯᠵᠤ᠂ ᠥᠨᠳᠦᠷᠯᠢᠭ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠲᠣᠭᠤᠷᠢᠭ ᠢ ᠴᠣᠭᠴᠠᠯᠠᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠡᠷᠭᠡ ᠲᠠᠯ᠎ᠠ ᠪᠠᠷ ᠣᠯᠣᠭᠰᠠᠨ ᠢᠯᠡᠳᠲᠡ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠬᠦ ᠪᠠᠶᠢᠭ᠎ᠠ ᠶᠢ ᠦᠨᠡᠨᠬᠦ ᠮᠡᠳᠡᠷᠡᠭᠰᠡᠨ ᠪᠠᠶᠢᠨ᠎ᠠ᠃      ᠲᠥᠯᠥᠭᠡᠯᠡᠭᠴᠢᠳ ᠦᠴᠦᠸᠠᠨ ᠰᠢᠶᠠᠨ ᠤ ᠣᠯᠣᠭᠰᠠᠨ ᠠᠮᠵᠢᠯᠲᠠ ᠶᠢ ᠨᠤᠲᠠᠯᠠᠵᠤ᠂ ᠦᠴᠦᠸᠠᠨ ᠰᠢᠶᠠᠨ ᠤ  ᠬᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ  ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠶᠢᠳᠠᠯ ᠡᠷᠴᠢᠮᠲᠡᠢ ᠪᠠᠶᠢᠵᠤ᠂ ᠣᠷᠣᠨ ᠤ ᠲᠥᠪ ᠶᠢᠨ ᠬᠤᠶᠢᠲᠤ ᠬᠡᠰᠡᠭ ᠤᠨ ᠴᠢᠬᠤᠯᠠ ᠠᠮᠢ ᠠᠬᠤᠢ ᠶᠢᠨ ᠬᠠᠯᠬᠠᠪᠴᠢ ᠪᠣᠯᠤᠭᠰᠠᠨ ᠤ ᠬᠤᠪᠢ ᠳᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠶᠢ ᠢᠮᠠᠭᠲᠠ ᠪᠠᠷᠢᠮᠲᠠᠯᠠᠵᠤ᠂ ︽ᠬᠤᠶᠠᠷ ᠪᠤᠭᠤᠳᠠᠢ ᠨᠢᠭᠡ ᠲᠥᠮᠥᠰᠥ ᠨᠢᠭᠡ ᠬᠤᠨᠢ︾ ᠵᠡᠷᠭᠡ ᠥᠨᠳᠦᠷᠯᠢᠭ ᠤᠨ ᠣᠨᠴᠠᠯᠢᠭᠲᠤ ᠠᠵᠤ ᠦᠢᠯᠡᠰ ᠪᠣᠯᠣᠨ ᠪᠣᠬᠢᠷᠲᠤᠯ ᠦᠭᠡᠢ ᠴᠠᠬᠢᠯᠭᠠᠨ ᠬᠦᠴᠦᠨ ᠵᠡᠷᠭᠡ ᠴᠡᠪᠡᠷ ᠡᠨᠧᠷᠭᠢ ᠶᠢᠨ ᠠᠵᠤ ᠦᠢᠯᠡᠰ ᠢᠶᠠᠷ ᠬᠥᠳᠡᠭᠡ ᠲᠣᠰᠬᠤᠨ ᠤ ᠬᠥᠭᠵᠢᠯ ᠮᠠᠨᠳᠤᠯ ᠢ ᠪᠦᠲᠦᠮᠵᠢᠲᠡᠢ ᠳᠠᠶᠢᠴᠢᠯᠠᠭᠰᠠᠨ ᠨᠢ ᠤᠯᠠᠨ ᠢ ᠲᠤᠶᠢᠯ ᠢᠶᠠᠷ ᠵᠣᠷᠢᠭᠵᠢᠭᠤᠯᠵᠤ᠂ ᠭᠦᠨ ᠰᠡᠩᠬᠡᠷᠡᠭᠦᠯᠦᠯ ᠣᠯᠭᠤᠵᠠᠢ ᠭᠡᠵᠦ ᠢᠯᠡᠳᠬᠡᠵᠡᠭᠡᠪᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号