ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠦᠴᠦᠸᠠᠨ ᠰᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/7/28
      7 ᠰᠠᠷ᠎ᠠ ᠶᠢᠨ 24 ᠤ ᠡᠳᠦᠷ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠢᠳᠡᠭᠡᠨ ᠤ ᠵᠤᠷᠭᠠᠨ ᠤ ᠳᠡᠳ᠋ ᠳᠠᠷᠤᠭ᠎ᠠ ᠲᠢᠶᠠᠨ ᠵᠢᠶᠠᠨ ᠰᠢᠨ ᠨᠠᠷ ᠦᠴᠦᠸᠠᠨ ᠰᠢᠶᠠᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠮᠠᠨ ᠤ ᠰᠢᠶᠠᠨ ᠤ ᠤᠳᠤᠷᠢᠳᠤᠯᠭ᠎ᠠ ᠶᠢᠨ ᠬᠠᠳᠠ ᠨᠠᠷ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠥᠨᠳᠦᠷᠯᠢᠭ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠲᠣᠭᠤᠷᠢᠭ᠂ ᠥᠪᠥᠷ ᠮᠣᠩᠭᠤᠯ ᠤᠨ ᠵᠥᠩ ᠵᠢᠶᠠᠨ ᠪᠦᠦ ᠮᠣᠩᠭᠤᠯ ᠬᠤᠨᠴᠢᠷ ᠡᠮ ᠤᠨ ᠦᠢᠯᠡᠰ ᠤᠨ ᠬᠢᠵᠠᠭᠠᠷᠲᠤ ᠺᠣᠮᠫᠠᠨᠢ᠂ ᠳ᠋ᠧ ᠱᠧᠩ ᠭᠧᠦ ᠰᠢᠶᠠᠩ ᠤᠨ ᠬᠢᠲᠠᠳ ᠡᠮ ᠤᠨ ᠮᠠᠲ᠋ᠧᠷᠢᠶᠠᠯ ᠤᠨ ᠲᠠᠷᠢᠮᠠᠯ ᠤᠨ ᠰᠠᠭᠤᠷᠢᠨ ᠭᠠᠵᠠᠷ᠂ ᠡᠮ ᠤᠨ ᠮᠠᠲ᠋ᠧᠷᠢᠶᠠᠯ ᠤᠨ ᠮᠦᠽᠧᠢ᠂ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠤ ᠰᠠᠭᠤᠷᠢᠨ ᠭᠠᠵᠠᠷ ᠤᠨ ᠦᠵᠡᠭᠦᠯᠦᠯᠭᠡ ᠶᠢᠨ ᠣᠷᠳᠣᠨ ᠵᠡᠷᠭᠡ ᠭᠠᠵᠠᠷ ᠲᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃ ᠮᠠᠨ ᠤ ᠰᠢᠶᠠᠨ ᠤ ᠰᠢᠶᠠᠨ ᠤ ᠬᠡᠪᠴᠢᠶᠡᠨ ᠤ ᠬᠥᠭᠵᠢᠯᠲᠡ᠂ ᠡᠬᠢ ᠪᠠᠶᠠᠯᠢᠭ ᠤᠨ ᠳᠠᠪᠠᠭᠤᠯᠢᠭ᠂ ᠲᠤᠷᠰᠢᠯᠲᠠ ᠶᠢᠨ ᠠᠵᠢᠯ ᠢ ᠥᠷᠨᠢᠭᠦᠯᠵᠦ ᠪᠠᠶᠢᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠮᠠᠨ ᠤ ᠰᠢᠶᠠᠨ ᠤ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ ᠵᠡᠷᠭᠡ ᠪᠣᠳᠠᠲᠠᠢ ᠠᠵᠢᠯ ᠤᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠰᠣᠨᠣᠰᠴᠠᠢ᠃
     ᠳ᠋ᠧ ᠱᠧᠩ ᠭᠧᠦ ᠰᠢᠶᠠᠩ ᠤᠨ ᠬᠢᠲᠠᠳ ᠡᠮ ᠤᠨ ᠮᠠᠲ᠋ᠧᠷᠢᠶᠠᠯ ᠤᠨ ᠲᠠᠷᠢᠮᠠᠯ ᠤᠨ ᠰᠠᠭᠤᠷᠢᠨ ᠭᠠᠵᠠᠷ ᠲᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠤᠨᠴᠢᠷ ᠤᠨ ᠤᠷᠭᠤᠯᠲᠠ ᠶᠢᠨ ᠪᠠᠶᠢᠳᠠᠯ ᠪᠠ ᠲᠠᠷᠢᠮᠠᠯ ᠤᠨ ᠬᠡᠪᠴᠢᠶ᠎ᠡ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠦᠴᠦᠸᠠᠨ ᠰᠢᠶᠠᠨ ᠤ ᠬᠢᠲᠠᠳ ᠡᠮ ᠤᠨ ᠮᠠᠲ᠋ᠧᠷᠢᠶᠠᠯ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠬᠥᠭᠵᠢᠯᠲᠡ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠳᠠᠷᠠᠭ᠎ᠠ ᠨᠢ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠳ᠋ᠧ ᠱᠧᠩ ᠭᠧᠦ ᠰᠢᠶᠠᠩ ᠤᠨ ᠬᠢᠲᠠᠳ ᠡᠮ ᠤᠨ ᠮᠠᠲ᠋ᠧᠷᠢᠶᠠᠯ ᠤᠨ ᠮᠦᠽᠧᠢ ᠳᠤ ᠬᠦᠷᠴᠦ᠂ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠲᠠᠷᠢᠮᠠᠯ ᠤᠨ ᠰᠠᠭᠤᠷᠢᠨ ᠭᠠᠵᠠᠷ ᠤᠨ ᠡᠯᠡᠰᠦᠨ ᠴᠠᠷ᠎ᠠ᠂ ᠡᠮ ᠤᠨ ᠮᠠᠲ᠋ᠧᠷᠢᠶᠠᠯ ᠤᠨ ᠦᠷ᠎ᠡ᠂  ᠨᠠᠪᠴᠢᠨ ᠤ ᠬᠡᠪ ᠥᠯᠢᠭᠡᠷ ᠵᠡᠷᠭᠡ ᠦᠵᠡᠭᠦᠯᠦᠯᠭᠡ ᠶᠢᠨ ᠲᠢᠩᠬᠢᠮ ᠢ ᠲᠣᠭᠤᠷᠢᠨ ᠦᠵᠡᠵᠦ᠂ ᠮᠠᠨ ᠤ ᠰᠢᠶᠠᠨ ᠤ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠢ ᠬᠥᠭᠵᠢᠭᠦᠯᠬᠦ ᠭᠠᠵᠠᠷ ᠣᠷᠣᠨ᠂ ᠠᠭᠤᠷ ᠠᠮᠢᠰᠬᠤᠯ ᠤᠨ ᠳᠠᠪᠠᠭᠤᠯᠢᠭ ᠪᠠ ᠭᠤᠣᠯ ᠪᠣᠯᠬᠤ ᠬᠢᠲᠠᠳ ᠡᠮ ᠤᠨ ᠮᠠᠲ᠋ᠧᠷᠢᠶᠠᠯ ᠤᠨ ᠲᠥᠷᠥᠯ ᠵᠦᠢᠯ ᠢ ᠪᠥᠬᠦ ᠲᠠᠯ᠎ᠠ ᠪᠠᠷ ᠣᠶᠢᠯᠠᠭᠠᠭᠰᠠᠨ ᠪᠥᠭᠡᠳ ᠦᠢᠯᠡᠳᠬᠦᠨ ᠢ ᠪᠣᠯᠪᠠᠰᠤᠷᠠᠭᠤᠯᠬᠤ᠂ ᠨᠠᠷᠠᠲᠤ ᠲᠥᠷᠥᠯ ᠲᠡᠮᠳᠡᠭᠲᠦ ᠶᠢ ᠪᠦᠲᠦᠭᠡᠨ ᠪᠠᠶᠢᠭᠤᠯᠬᠤ ᠪᠠ ᠠᠷᠠᠳ ᠣᠯᠠᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠳᠤ ᠬᠦᠴᠦᠨ ᠨᠡᠮᠡᠷᠢᠯᠡᠬᠦ ᠵᠡᠷᠭᠡ ᠲᠠᠯ᠎ᠠ ᠪᠠᠷ ᠵᠢᠯᠤᠭᠤᠳᠬᠤ ᠰᠠᠨᠠᠯ ᠳᠤᠷᠠᠳᠪᠠ᠃
     ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠪᠠᠷ ᠳᠡᠮᠵᠢᠨ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠦᠵᠡᠬᠦ ᠪᠠᠷ᠂ ᠦᠴᠦᠸᠠᠨ ᠰᠢᠶᠠᠨ ᠳᠤ ᠡᠯᠪᠡᠭ ᠪᠠᠶᠠᠯᠢᠭ ᠬᠡᠭᠡᠷ᠎ᠡ ᠶᠢᠨ ᠡᠮ ᠤᠨ ᠮᠠᠲ᠋ᠧᠷᠢᠶᠠᠯ ᠤᠨ ᠡᠬᠢ ᠪᠠᠶᠠᠯᠢᠭ ᠲᠠᠢ᠂ ᠬᠢᠲᠠᠳ ᠡᠮ ᠤᠨ ᠮᠠᠲ᠋ᠧᠷᠢᠶᠠᠯ ᠢ ᠬᠥᠭᠵᠢᠭᠦᠯᠬᠦ ᠳᠤ ᠣᠯᠠᠨ ᠠᠴᠠ ᠣᠨᠴᠠᠭᠠᠶ ᠪᠠᠶᠢᠭᠠᠯᠢ ᠶᠢᠨ ᠳᠠᠪᠠᠭᠤᠯᠢᠭ ᠲᠠᠢ ᠶᠤᠮ᠃ ᠡᠶᠢᠮᠦ ᠠᠴᠠ ᠬᠠᠷᠠᠯᠲᠠ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠡᠬᠢ ᠪᠠᠶᠠᠯᠢᠭ ᠤᠨ ᠳᠠᠪᠠᠭᠤᠯᠢᠭ ᠲᠠᠢ ᠠᠵᠤ ᠦᠢᠯᠡᠰ ᠢ ᠬᠥᠭᠵᠢᠭᠦᠯᠵᠦ᠂ ᠠᠵᠤ ᠦᠢᠯᠡᠰ ᠤᠨ ᠬᠥᠭᠵᠢᠯᠲᠡ ᠶᠢ ᠵᠢᠷᠤᠮᠵᠢᠭᠤᠯᠤᠨ ᠬᠥᠲᠥᠯᠥᠨ ᠵᠢᠯᠤᠭᠤᠳᠬᠤ ᠬᠡᠷᠡᠭᠲᠡᠢ᠃ ᠬᠤᠨᠴᠢᠷ ᠵᠡᠷᠭᠡ ᠴᠢᠨᠠᠷ ᠰᠠᠶᠢᠲᠠᠢ ᠡᠮ ᠤᠨ ᠮᠠᠲ᠋ᠧᠷᠢᠶᠠᠯ ᠢ ᠨᠠᠷᠢᠯᠢᠭ ᠭᠦᠨᠵᠡᠭᠡᠢ ᠡᠳ᠋ᠰᠢᠭᠦᠯᠬᠦ ᠶᠢ ᠴᠢᠬᠤᠯᠠᠴᠢᠯᠠᠵᠤ᠂ ᠥᠨᠳᠥᠷ ᠨᠡᠮᠡᠯᠲᠡ ᠥᠷᠲᠡᠭᠲᠦ ᠦᠢᠯᠡᠳᠬᠦᠨ ᠢ ᠶᠡᠬᠡᠪᠡᠷ ᠰᠤᠳᠤᠯᠤᠨ ᠨᠡᠭᠡᠭᠡᠵᠦ᠂ ᠡᠮ ᠪᠠ ᠢᠳᠡᠭᠡᠨ ᠤ ᠠᠳᠠᠯᠢ ᠢᠷᠡᠯᠲᠡ ᠲᠠᠢ ᠠᠵᠤ ᠦᠢᠯᠡᠰ ᠤᠨ ᠬᠡᠯᠬᠢᠶ᠎ᠡ ᠶᠢᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠠᠬᠢᠭᠤᠯᠬᠤ ᠬᠡᠷᠡᠭᠲᠡᠢ᠃      ᠳᠠᠷᠠᠭᠠᠴᠢ ᠶᠢᠨ ᠠᠯᠬᠤᠮ ᠳᠤ᠂ ᠦᠴᠦᠸᠠᠨ ᠰᠢᠶᠠᠨ ᠤ ᠬᠢᠨ ᠬᠤᠨᠴᠢᠷ ᠢᠶᠠᠷ ᠭᠤᠣᠯ ᠪᠣᠯᠭᠠᠭᠰᠠᠨ ᠬᠢᠲᠠᠳ ᠡᠮ ᠤᠨ ᠮᠠᠲ᠋ᠧᠷᠢᠶᠠᠯ ᠤᠨ ᠪᠦᠬᠦ ᠠᠵᠤ ᠦᠢᠯᠡᠰ ᠤᠨ ᠬᠡᠯᠬᠢᠶ᠎ᠡ ᠶᠢ ᠪᠦᠬᠦ ᠬᠦᠴᠦᠨ ᠢᠶᠠᠷ ᠢᠶᠠᠨ  ᠪᠠᠶᠢᠭᠤᠯᠵᠤ᠂ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ︽ᠦᠴᠦᠸᠠᠨ ᠤ ᠬᠤᠨᠴᠢᠷ︾  ᠤᠨ ᠲᠦᠷᠦᠯ ᠲᠡᠮᠳᠡᠭ ᠤᠨ ᠨᠥᠯᠥᠭᠡᠯᠡᠬᠦ ᠬᠦᠴᠦᠨ ᠪᠣᠯᠣᠨ ᠠᠯᠳᠠᠷᠰᠢᠯ ᠢ ᠴᠢᠨᠠᠭᠰᠢᠳᠠ ᠳᠡᠭᠡᠭᠰᠢᠯᠡᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠎ᠡ᠃ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号