ᠮᠡᠬᠡᠯᠡᠯ ᠠᠴᠠ ᠬᠢᠴᠢᠶᠡᠭᠡᠷᠡᠢ
ᠨᠡᠶᠢᠲᠡᠯᠡᠭᠰᠡᠨ ᠴᠠᠭ᠄
2023/7/28
     ᠣᠶᠢᠷ᠎ᠡ ᠳᠤ ᠵᠢᠶᠠᠩᠰᠤ ᠶᠢᠨ ᠵᠠᠩ ᠵᠢᠶᠠ ᠭᠠᠩ ᠤᠨ ᠯᠢ ᠠᠪᠠᠭ᠋ᠠᠢ ᠮᠥᠩᠭᠦᠨ ᠭᠦᠢᠯᠭᠡᠭᠡᠨ ᠤ ᠲᠠᠪᠴᠠᠩ ᠠᠴᠠ ᠵᠠᠷᠢᠮ ᠪᠡᠯᠡ ᠣᠷᠣᠭᠤᠯᠤᠭᠴᠢ ᠶᠢᠨ ᠮᠦᠩᠬᠦ ᠶᠢ ᠨᠢ ᠪᠤᠴᠠᠭᠠᠨ ᠥᠭᠴᠦ ᠪᠠᠶᠢᠨ᠎ᠠ ᠭᠡᠰᠡᠨ ᠠᠭᠤᠯᠭ᠎ᠠ ᠲᠠᠢ ︽ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ︾ ᠠᠴᠠ ᠢᠷᠡᠭᠦᠯᠦᠭᠰᠡᠨ ︽ᠤᠯᠠᠭᠠᠨ ᠦᠰᠦᠭᠳᠦ ᠪᠢᠴᠢᠭ ᠮᠠᠲ᠋ᠧᠷᠢᠶᠠᠯ︾ ᠢ ᠬᠦᠯᠢᠶᠡᠨ ᠠᠪᠤᠬᠰᠠᠨ ᠪᠠᠶᠢᠨ᠎ᠠ᠃       ᠯᠢ ᠠᠪᠠᠭ᠋ᠠᠢ ᠶᠠᠭ ᠡᠨᠡ ᠲᠠᠪᠴᠠᠩ ᠳᠤ ᠪᠡᠯᠡ ᠣᠷᠣᠭᠤᠯᠤᠭᠰᠠᠨ ᠪᠦᠬᠡᠳ ᠵᠣᠭᠤᠰ ᠨᠢ ᠣᠷᠣ ᠰᠣᠷᠠᠭ ᠦᠬᠡᠢ ᠪᠤᠯᠤᠭᠠᠳ ᠪᠠᠶᠢᠬᠰᠠᠨ ᠶᠤᠮ ᠪᠠᠶᠢᠨ᠎ᠠ᠃ ᠢᠩᠬᠢᠬᠡᠳ ᠯᠢ ᠠᠪᠠᠭ᠋ᠠᠢ ᠲᠡᠷᠡ ᠳᠠᠷᠤᠢ ᠳᠤᠨᠢ ᠬᠤᠯᠪᠤᠭᠠᠨ ᠳᠤ ᠣᠷᠣᠵᠦ᠂ ᠱᠠᠭᠠᠷᠳᠠᠯᠭ᠎ᠠ ᠶᠢᠨ ᠳᠠᠭᠠᠤ ᠣᠷᠢᠳᠠᠪᠠᠷ 20% ᠶᠢᠨ ᠭᠠᠶᠢᠯᠢ ᠶᠢᠨ ᠮᠥᠩᠭᠦ ᠲᠤᠰᠢᠶᠠᠵᠤ᠂ ᠨᠡᠶᠢᠳᠡ 5905 ᠲᠥᠭᠦᠷᠢᠭ ᠳᠣᠰᠢᠶᠠᠵᠦ᠂ ᠪᠠᠰᠠ ᠡᠯᠳᠡᠪ ᠤᠨ ᠰᠢᠯᠳᠠᠭ ᠢᠶᠠᠷ 7 ᠲᠦᠮᠡ ᠭᠠᠷᠤᠢ ᠲᠥᠭᠦᠷᠢᠭ ᠳᠣᠰᠢᠶᠠᠬᠰᠠᠨ ᠪᠣᠯᠪᠠᠴᠤ ᠰᠡᠭᠦᠯᠡᠷ ᠨᠢ ᠮᠡᠬᠡᠯᠡᠭᠳᠡᠭᠰᠡᠨ ᠢᠶᠠᠨ ᠣᠯᠵᠦ ᠮᠡᠳᠡᠭᠰᠡᠨ ᠪᠠᠶᠢᠨ᠎ᠠ᠃      ᠰᠠᠨᠠᠭᠤᠯᠬᠤ ᠨᠢ᠂ ᠲᠥᠷᠥ ᠶᠢᠨ ᠪᠠᠶᠢᠭᠤᠯᠭ᠎ᠠ ᠨᠤᠭᠤᠳ ᠬᠡᠷᠡᠭ ᠰᠢᠢᠳᠪᠦᠷᠢᠯᠡᠬᠦ ᠶᠠᠪᠤᠴᠠ ᠳᠤ ᠬᠥᠮᠥᠰ ᠠᠴᠠ ᠶᠠᠮᠠᠷ ᠴᠤ ᠵᠠᠷᠣᠳᠠᠯ ᠰᠦᠢᠳᠬᠡᠯ ᠬᠤᠷᠢᠶᠠᠬᠤ ᠦᠭᠡᠢ ᠶᠤᠮ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号