| | ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 102 ᠵᠢᠯ ᠤᠨ ᠤᠢ ᠶᠢ ᠪᠡᠯᠭᠡᠯᠡᠵᠦ᠂ | ᠨᠠᠮ ᠤᠨ ᠭᠡᠷᠡᠯ ᠰᠠᠴᠤᠷᠠᠩᠭᠤᠢ ᠲᠡᠦᠬᠡ ᠶᠢ ᠪᠠᠲᠤ ᠴᠡᠭᠡᠵᠢᠯᠡᠵᠦ᠂ ᠨᠠᠮ ᠤᠨ ᠠᠭᠤᠤ ᠭᠠᠪᠢᠶ᠎ᠠ ᠠᠤᠭ᠎ᠠ ᠵᠢᠳᠬᠦᠯ ᠢ | ᠳᠤᠷᠠᠰᠤᠨ ᠰᠠᠨᠠᠭᠠᠯᠵᠠᠵᠤ᠂ ᠨᠠᠮ ᠤᠨ ᠭᠡᠰᠢᠭᠦᠨ ᠺᠠᠳ᠋ᠷᠴᠤᠳ ᠤᠨ ᠰᠤᠷᠤᠯᠴᠠᠬᠤ ᠳᠠᠭᠠᠨ ᠦᠯᠢᠭᠡᠷ ᠳᠠᠭᠤᠷᠢᠶᠠᠯ ᠲᠠᠢ᠂ | ᠠᠵᠢᠯᠯᠠᠬᠤ ᠳᠠᠭᠠᠨ ᠬᠡᠪ ᠳᠠᠭᠤᠷᠢᠶᠠᠯ ᠲᠠᠢ ᠪᠠᠶᠢᠬᠤ ᠶᠢ ᠵᠣᠷᠢᠭᠵᠢᠭᠤᠯᠬᠤ ᠶᠢᠨ ᠲᠥᠯᠥᠭᠡ᠂ 7 ᠰᠠᠷ᠎ᠠ ᠶᠢᠨ 1 ᠤ | ᠡᠳᠦᠷ᠂ ᠬᠤᠷᠣᠭᠠᠢ ᠠᠭᠤᠯᠠ ᠰᠢᠶᠠᠩ ᠤᠨ ᠪᠦᠬᠦ ᠨᠠᠮ ᠤᠨ ᠭᠡᠰᠢᠭᠦᠨ ᠺᠠᠳ᠋ᠷ ᠤᠷᠢᠳ ᠬᠤᠵᠢᠳ ᠦᠴᠦᠸᠠᠨ | ᠰᠢᠶᠠᠨ ᠤ ᠰᠢᠭᠦᠬᠦ ᠬᠤᠷᠢᠶ᠎ᠠ᠂ ᠯᠦᠩ ᠶᠢᠩ ᠺᠢᠨᠣ᠋ ᠶᠢᠨ ᠣᠷᠳᠣᠨ ᠳᠤ ︽ᠲᠤᠯᠤᠭᠠᠨ ᠰᠠᠷ᠎ᠠ ᠶᠢᠨ ᠨᠢᠭᠡᠨ ᠢ ᠪᠠᠶᠠᠷᠯᠠᠨ | ᠪᠡᠯᠭᠡᠯᠡᠵᠦ᠂ ᠥᠯᠢᠭᠡᠷ ᠳᠠᠭᠤᠷᠢᠶᠠᠯ ᠠᠴᠠ ᠰᠤᠷᠤᠯᠴᠠᠵᠤ᠂ ᠤᠭ ᠰᠠᠨᠠᠭ᠎ᠠ ᠪᠠᠨ ᠳᠤᠷᠠᠰᠤᠨ᠂ ᠨᠠᠮᠴᠢ ᠴᠢᠨᠠᠷ ᠢᠶᠠᠨ | ᠴᠢᠩᠭᠠᠳᠬᠠᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠡᠢ᠃ | ᠦᠴᠦᠸᠠᠨ ᠰᠢᠶᠠᠨ ᠤ ᠰᠢᠭᠦᠬᠦ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠦᠵᠡᠭᠦᠯᠦᠯᠭᠡ ᠶᠢᠨ | ᠲᠢᠩᠬᠢᠮ ᠳᠤ᠂ ᠠᠵᠢᠯᠲᠠᠳ ᠦᠴᠦᠸᠠᠨ ᠰᠢᠶᠠᠨ ᠤ ᠬᠤᠪᠢᠰᠬᠠᠯ ᠤᠨ ᠲᠡᠦᠬᠡ ᠰᠣᠶᠣᠯ᠂ ᠨᠠᠮ ᠤᠨ | ᠪᠠᠶᠢᠭᠤᠯᠤᠯᠲᠠ ᠶᠢᠨ ᠰᠣᠶᠣᠯ᠂ ᠬᠠᠤᠯᠢᠵᠢᠯ ᠤᠨ ᠦᠴᠦᠸᠠᠨ ᠪᠣᠯᠣᠨ ᠴᠢᠬᠡᠴᠢ ᠵᠠᠰᠠᠭ ᠤᠨ ᠰᠣᠶᠣᠯ ᠵᠡᠷᠭᠡ ᠶᠢ ᠨᠠᠷᠢᠨ | ᠲᠠᠶᠢᠯᠪᠤᠷᠢᠯᠠᠵᠤ᠂ ᠦᠴᠦᠸᠠᠨ ᠰᠢᠶᠠᠨ ᠤ ᠲᠡᠦᠬᠡ ᠶᠢᠨ ᠤᠯᠠᠷᠢᠯ ᠬᠤᠪᠢᠰᠤᠯ ᠪᠣᠯᠣᠨ ᠬᠤᠪᠢᠰᠬᠠᠯ ᠤᠨ ᠲᠡᠦᠬᠡ | ᠰᠣᠶᠣᠯ ᠢ ᠨᠠᠷᠢᠨ ᠣᠶᠢᠯᠠᠭᠠᠵᠤ᠂ ᠨᠠᠮ ᠤᠨ ᠵᠠᠭᠤᠨ ᠵᠢᠯ ᠤᠨ ᠬᠥᠭᠵᠢᠯᠲᠡ ᠶᠢᠨ ᠶᠠᠪᠤᠴᠠ ᠶᠢ ᠡᠷᠭᠢᠴᠡᠭᠦᠯᠵᠦ᠂ | ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠲᠡᠷᠢᠭᠦᠨ ᠤ ᠬᠥᠮᠥᠰ ᠤᠨ ᠦᠢᠯᠡ ᠠᠵᠢᠯᠯᠠᠭ᠎ᠠ ᠶᠢᠨ | ᠦᠵᠡᠭᠦᠯᠦᠯᠭᠡ ᠨᠡᠪᠲᠡᠷᠡᠭᠦᠯᠭᠡ ᠪᠣᠯᠣᠨ ᠰᠡᠷᠡᠮᠵᠢᠯᠡᠭᠦᠯᠬᠦ ᠬᠥᠮᠦᠵᠢᠯ ᠤᠨ ᠺᠢᠨᠣ᠋ ᠶᠢ ᠰᠣᠨᠢᠷᠬᠠᠪᠠ᠃ ᠲᠣᠭᠤᠷᠢᠨ ᠦᠵᠡᠵᠦ | ᠳᠠᠭᠤᠰᠤᠭᠰᠠᠨ ᠤ ᠳᠠᠷᠠᠭ᠎ᠠ᠂ ᠵᠣᠬᠢᠶᠠᠨ ᠪᠠᠶᠢᠭᠤᠯᠬᠤ ᠭᠡᠰᠢᠭᠦᠨ ᠰᠦ᠋ ᠶᠠᠨ ᠨᠥᠬᠦᠷ ᠪᠦᠬᠦ ᠨᠠᠮ ᠤᠨ ᠭᠡᠰᠢᠭᠦᠨ ᠢ | ᠳᠠᠭᠠᠭᠤᠯᠤᠨ ᠨᠠᠮ ᠳᠤ ᠣᠷᠣᠬᠤ ᠲᠠᠩᠭᠠᠷᠢᠭ ᠤᠨ ᠦᠭᠡᠰ ᠢ ᠳᠠᠬᠢᠨ ᠡᠷᠭᠢᠴᠡᠭᠦᠯᠵᠦ᠂ ᠨᠠᠮ ᠳᠤ ᠣᠷᠣᠭᠰᠠᠨ ᠤᠭ | ᠰᠠᠨᠠᠭ᠎ᠠ ᠪᠠᠨ ᠡᠷᠭᠢᠴᠡᠭᠦᠯᠵᠦ᠂ ᠥᠪᠡᠷ ᠤᠨ ᠨᠠᠮ ᠳᠤ ᠲᠠᠩᠭᠠᠷᠢᠭᠯᠠᠭᠰᠠᠨ ᠢᠶᠠᠨ ᠪᠠᠲᠤ ᠴᠡᠭᠡᠵᠢᠯᠡᠪᠡ᠃ | | | | | | | | | ᠬᠥᠳᠡᠯᠭᠡᠭᠡᠨ ᠳᠠᠭᠤᠰᠤᠭᠰᠠᠨ ᠤ ᠳᠠᠷᠠᠭ᠎ᠠ᠂ ᠬᠤᠭᠤᠯᠠᠢ ᠠᠭᠤᠯᠠ ᠰᠢᠶᠠᠩ ᠤᠨ ᠨᠠᠮ ᠤᠨ ᠭᠡᠰᠢᠭᠦᠨ ᠺᠠᠳ᠋ᠷ | ᠯᠦᠩ ᠶᠢᠩ ᠺᠢᠨᠣ᠋ ᠶᠢᠨ ᠣᠷᠳᠣᠨ ᠳᠤ ᠬᠦᠷᠴᠦ ᠺᠢᠨᠣ᠋ ︽ᠱᠧᠨ ᠵᠢᠢ ᠯᠠᠨ︾ ᠢ ᠦᠵᠡᠪᠡ᠂ ᠲᠤᠰ ᠺᠢᠨᠣ᠋ ᠨᠢ ᠱᠧᠨ ᠵᠢᠢ | ᠯᠠᠨ ᠨᠥᠬᠦᠷ ᠤᠨ ᠬᠠᠮᠤᠭ ᠰᠡᠭᠦᠯᠴᠢ ᠶᠢᠨ ᠤᠳᠠᠭ᠎ᠠ ᠶᠢᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠳᠤ ᠣᠷᠣᠯᠴᠠᠭᠰᠠᠨ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠥᠩᠭᠡᠷᠡᠯᠲᠡ ᠪᠠᠷ ᠭᠠᠷᠳᠠᠴᠠ | ᠪᠣᠯᠭᠠᠵᠤ᠂ ᠰᠡᠳᠬᠢᠯ ᠬᠥᠳᠡᠯᠭᠡᠮ᠎ᠡ ᠡᠭᠡᠯ ᠪᠣᠷᠣᠭᠵᠢᠭᠤᠨ ᠦᠭᠡ ᠬᠡᠯᠡ ᠪᠠᠷ ᠱᠧᠨ ᠵᠢᠢ ᠯᠠᠨ ᠨᠥᠬᠦᠷ ᠤᠨ ᠲᠡᠰᠪᠦᠷᠢ | ᠬᠠᠲᠠᠭᠤᠵᠢᠯᠲᠠᠢ ᠲᠡᠮᠡᠴᠡᠬᠦ᠂ ᠦᠨᠡᠨᠴᠢ ᠰᠢᠳᠤᠷᠭᠤ ᠪᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠤᠯᠠᠨ | ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠭᠰᠠᠨ ᠡᠷᠬᠢᠮ ᠳᠡᠭᠡᠳᠦ ᠵᠠᠩ ᠴᠢᠨᠠᠷ ᠢ ᠮᠠᠭᠲᠠᠨ ᠰᠠᠶᠢᠰᠢᠶᠠᠵᠤ᠂ ᠤᠭ | ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠬᠠᠲᠠᠭᠤᠵᠢᠭᠤᠯᠬᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ | ᠠᠮᠢᠳᠤᠯᠢᠭ ᠵᠢᠭᠠᠬᠤ ᠮᠠᠲ᠋ᠧᠷᠢᠶᠠᠯ ᠪᠣᠯᠤᠭᠰᠠᠨ ᠪᠠᠶᠢᠨ᠎ᠠ᠃ ᠲᠣᠭᠤᠷᠢᠨ ᠦᠵᠡᠵᠦ ᠳᠠᠭᠤᠰᠤᠭᠰᠠᠨ ᠤ ᠲᠠᠷᠠᠭ᠎ᠠ᠂ ᠪᠦᠬᠦ | ᠨᠠᠮ ᠤᠨ ᠭᠡᠰᠢᠭᠦᠨ ᠺᠠᠳ᠋ᠷᠴᠤᠳ᠂ ᠪᠠᠭᠠᠲᠤᠷ ᠬᠥᠮᠥᠰ ᠤᠨ ᠪᠡᠶ᠎ᠡ ᠳᠡᠭᠡᠷ᠎ᠡ ᠠᠴᠠ ᠤᠷᠤᠭᠰᠢᠯᠠᠯᠲᠠ ᠶᠢᠨ ᠬᠦᠴᠦᠨ ᠢ | ᠣᠯᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ | ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠷ ᠬᠤᠶᠢᠰᠢᠳᠠ ᠶᠢᠨ ᠠᠵᠢᠯ ᠰᠤᠷᠤᠯᠴᠠᠯᠭ᠎ᠠ ᠳᠠᠭᠠᠨ ᠣᠷᠣᠯᠴᠠᠵᠤ᠂ | ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ ᠨᠠᠮ ᠪᠣᠯᠣᠨ ᠠᠷᠠᠳ ᠲᠦᠮᠡᠨ ᠤ ᠲᠥᠯᠥᠭᠡ ᠡᠭᠦᠷᠭᠡ | ᠬᠠᠷᠢᠭᠤᠴᠠᠯᠭ᠎ᠠ ᠪᠠᠨ ᠰᠠᠶᠢᠨ ᠭᠦᠢᠴᠡᠳᠬᠡᠨ᠎ᠡ ᠭᠡᠵᠦ ᠢᠯᠡᠳᠬᠡᠵᠡᠭᠡᠪᠡ᠃ | | | | | | ᠢᠷᠡᠯᠲᠡ᠄ ᠬᠤᠭᠤᠯᠠᠢ ᠠᠭᠤᠯᠠ ᠰᠢᠶᠠᠨᠩ ᠤᠨ ᠠᠷᠠᠳ ᠤᠨ ᠵᠠᠰᠠᠭ ᠤᠨ ᠤᠷᠳᠤᠨ ᠤ ᠨᠠᠶᠢᠲᠡ ᠶᠢᠨ ᠳ᠋ᠤᠭᠠᠷ | | |