ᠦᠴᠦᠸᠠᠨ ᠰᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠬᠤ ᠵᠢᠴᠢ ︽7·1︾  ᠤ ᠲᠤᠰᠬᠠᠢ ᠤᠷᠠᠨ ᠰᠠᠶᠢᠬᠠᠨ ᠤ ᠲᠣᠭᠯᠠᠯᠲᠠ ᠡᠷᠬᠢᠯᠡᠪᠡ
ᠨᠡᠶᠢᠲᠡᠯᠡᠭᠰᠡᠨ ᠴᠠᠭ᠄
2023/7/3
     ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 102 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ ᠨᠠᠮ ᠤᠨ ᠭᠡᠷᠡᠯ ᠰᠠᠴᠤᠷᠠᠩᠭᠤᠢ ᠲᠡᠦᠬᠡ ᠶᠢ ᠡᠷᠭᠢᠴᠡᠭᠦᠯᠵᠦ᠂ ᠨᠠᠮ ᠤᠨ ᠠᠭᠤᠤ ᠭᠠᠪᠢᠶ᠎ᠠ ᠠᠤᠭ᠎ᠠ ᠵᠢᠳᠬᠦᠯ ᠢ ᠮᠠᠭᠲᠠᠨ ᠳᠠᠭᠤᠯᠠᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠦᠬᠦ ᠰᠢᠶᠠᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠢ ᠨᠠᠮ ᠤᠨ ᠦᠭᠡ ᠶᠢ ᠡᠷᠡᠰ ᠭᠤᠶᠢᠪᠢᠰᠢ ᠦᠭᠡᠢ ᠰᠣᠨᠣᠰᠴᠤ᠂ ᠨᠠᠮ ᠢᠶᠠᠨ ᠭᠤᠶᠢᠪᠢᠰᠢ ᠦᠭᠡᠢ ᠲᠠᠭᠠᠬᠤ ᠶᠢ ᠵᠣᠷᠢᠭᠵᠢᠭᠤᠯᠤᠭᠰᠠᠨ ᠪᠠᠶᠢᠨ᠎ᠠ᠃ 6 ᠰᠠᠷ᠎ᠠ ᠶᠢᠨ 30  ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠨᠠᠮ ᠤᠨ ᠬᠤᠷᠢᠶ᠎ᠠ᠂ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠦᠴᠦᠸᠠᠨ ᠰᠢᠶᠠᠨ ᠤ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠳᠠᠭᠠᠭᠠᠴᠢᠯᠠᠨ ᠡᠷᠬᠢᠯᠡᠵᠦ᠂ ︽ᠦᠨᠳᠦᠰᠦᠨ ᠱᠠᠲᠤᠨ ᠳᠤ ᠦᠨᠳᠦᠰᠦᠯᠡᠵᠦ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠰᠢᠨ᠎ᠡ ᠬᠠᠭᠤᠳᠠᠰᠤ ᠶᠢ ᠪᠢᠴᠢᠭᠯᠡᠬᠦ︾ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠬᠤ ᠵᠢᠴᠢ ︽7·1︾  ᠤ ᠲᠤᠰᠬᠠᠢ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠦᠴᠦᠸᠠᠨ ᠰᠢᠶᠠᠨ ᠤ ᠴᠢᠩ ᠱᠠᠨ ᠤᠷᠠᠨ ᠰᠠᠶᠢᠬᠠᠨ ᠤ ᠠᠭᠤᠳᠠᠮ ᠲᠠᠯᠠᠪᠠᠢ ᠳᠤ ᠦᠪᠡᠳᠡᠭᠰᠢ ᠶᠡᠬᠡᠪᠡᠷ ᠶᠠᠪᠤᠭᠳᠠᠪᠠ᠃
     ᠲᠣᠭᠯᠠᠯᠲᠠ ᠨᠢ ᠪᠥᠵᠢᠭ ︽ᠠᠯᠤᠰ ᠭᠠᠵᠠᠷ︾ ᠤᠨ ᠳᠤᠮᠳᠠ ᠬᠥᠰᠢᠭᠡ ᠪᠠᠨ ᠰᠡᠬᠦᠵᠦ᠂ ᠭᠤᠴᠣᠯᠠᠯ ᠳᠠᠭᠤᠤ ︽ᠪᠥᠬᠦᠳᠡ ᠨᠠᠶᠢᠷᠠᠮᠳᠠᠬᠤ ᠤᠯᠤᠰ ᠴᠢᠮᠠᠶᠢ ᠰᠣᠩᠭᠤᠭᠰᠠᠨ ᠨᠢ︾᠂ ᠬᠥᠭᠵᠢᠮᠳᠡᠭᠦᠷ ᠤᠨ ᠨᠠᠶᠢᠷᠠᠯ ᠬᠥᠭᠵᠢᠮ ︽ᠠᠳᠤᠭᠤᠴᠢᠨ ᠵᠠᠯᠠᠭᠤᠴᠤᠳ︾ ᠂ ᠱᠤᠭ ᠵᠦᠴᠦᠭᠡ ︽ᠳᠤᠷᠠᠰᠬᠠᠯ ᠤᠨ ᠡᠳᠦᠷ︾᠂ ᠡᠷᠡᠭᠲᠡᠢ   ᠶᠢᠨ ᠬᠤᠣᠰᠯᠠᠯ ᠳᠠᠭᠤᠤ ︽ᠠᠵᠢᠨᠠᠢ ᠬᠦᠯᠦᠭ ᠬᠢᠯᠢ ᠬᠢᠵᠠᠭᠠᠷ ᠢᠶᠠᠨ ᠬᠠᠮᠠᠭᠠᠯᠠᠶ᠎ᠠ︾᠂ ᠬᠤᠶᠠᠷ ᠬᠦᠮᠦᠨ ᠤ ᠡᠯᠭᠦᠴᠡᠭᠡ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠠᠶᠠᠯᠠᠯ ᠤᠨ ᠴᠢᠭᠯᠡᠯ ᠢ ᠵᠢᠭᠠᠨ᠎ᠠ︾᠂  ᠳᠠᠭᠤᠤ ︽ᠡᠬᠡ ᠤᠯᠤᠰ ᠲᠠᠭᠠᠨ ᠢᠷᠦᠭᠡᠯ ᠳᠡᠪᠰᠢᠭᠦᠯᠦᠶ᠎ᠡ︾᠂ ᠮᠠᠩᠬᠠᠨ ᠳᠠᠭᠤᠣ ︽ᠬᠥᠬᠡᠮᠳᠦᠭ ᠠᠭᠤᠯᠠ ᠶᠢᠨ ᠢᠳᠡᠷᠡᠭᠦᠨ ᠨᠠᠷᠠᠰᠤ︾ ᠵᠡᠷᠭᠡ ᠨᠠᠷᠢᠨ ᠨᠢᠮᠪᠠᠢ ᠨᠠᠶᠢᠷᠠᠭᠤᠯᠤᠭᠰᠠᠨ ᠲᠣᠭᠯᠠᠯᠲᠠ ᠨᠤᠭᠤᠳ ᠵᠠᠯᠭᠠᠭ᠎ᠠ ᠪᠠᠷ ᠲᠠᠶᠢᠰᠠᠨ ᠳᠤ ᠭᠠᠷᠴᠤ᠂ ᠲᠣᠭᠯᠠᠯᠲᠠ  ᠶᠢ ᠵᠠᠯᠭᠠᠭ᠎ᠠ ᠪᠠᠷ ᠣᠷᠭᠢᠯ ᠳᠤ ᠬᠦᠷᠭᠡᠵᠦ᠂ ᠲᠤᠬᠠᠢ ᠶᠢᠨ ᠲᠠᠯᠠᠪᠠᠶ ᠶᠢᠨ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠪᠠ᠃ ᠪᠦᠬᠦᠶᠢᠯᠡ ᠲᠣᠭᠯᠠᠯᠲᠠ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠵᠤ᠂ ᠤᠷᠠᠶᠢᠯᠠᠬᠤ ᠲᠠᠭᠤᠨ ᠲᠠᠰᠤᠷᠠᠯᠳᠡ ᠦᠭᠡᠢ ᠴᠤᠤᠷᠢᠶᠠᠲᠤᠵᠤ᠂ ᠠᠮᠢᠳᠤ ᠴᠣᠪᠣᠭᠤᠯᠢᠭ ᠲᠣᠭᠯᠠᠯᠲᠠ ᠨᠤᠭᠤᠳ ᠬᠥᠮᠥᠰ ᠤᠨ ᠰᠡᠳᠬᠢᠯ ᠢ ᠵᠣᠷᠢᠭᠵᠢᠭᠤᠯᠵᠤ᠂ ᠦᠴᠦᠸᠠᠨ ᠤ ᠬᠥᠪᠡᠭᠦᠳ ᠥᠬᠢᠳ ᠤᠨ ᠨᠠᠮ ᠢᠶᠠᠨ ᠲᠠᠭᠠᠬᠤ᠂ ᠰᠢᠨ᠎ᠡ ᠴᠠᠭ ᠦᠶ᠎ᠡ ᠶᠢᠨ ᠲᠥᠯᠥᠭᠡ ᠴᠢᠷᠮᠠᠶᠢᠨ ᠲᠡᠮᠡᠴᠡᠬᠦ ᠤᠷᠮ᠎ᠠ ᠵᠣᠷᠢᠭ ᠢ ᠬᠥᠭᠵᠢᠭᠡᠪᠡ᠃
     2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠲᠣᠭᠤᠰᠢᠯᠠᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ᠮᠠᠨ ᠤ ᠰᠢᠶᠠᠨ ᠤ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ᠂ ᠴᠢᠨᠠᠷ ᠰᠠᠶᠢᠲᠠᠢ ᠬᠥᠭᠵᠢᠯᠲᠡ ᠶᠢ ᠲᠦᠷᠭᠡᠨ ᠪᠡᠶᠡᠯᠡᠭᠦᠯᠬᠦ ᠶᠢᠨ ᠴᠢᠷᠮᠠᠶᠢᠨ ᠲᠡᠮᠡᠴᠡᠬᠦ ᠵᠢᠯ ᠮᠥᠨ᠂ ᠰᠢᠨ᠎ᠡ ᠪᠠᠶᠢᠳᠠᠯ ᠳᠣᠣᠷᠠᠬᠢ ᠰᠢᠨ᠎ᠡ ᠥᠷᠢᠰᠦᠯᠳᠦᠭᠡᠨ ᠤ ᠡᠮᠦᠨ᠎ᠡ ᠂ ᠪᠢᠳᠡᠨ ᠤ ᠠᠯᠬᠤᠮ ᠪᠦᠷᠢ ᠲᠤᠶᠢᠯ ᠤᠨ ᠬᠢᠯᠪᠠᠷ ᠪᠤᠰᠤ ᠪᠣᠯᠪᠠᠴᠤ ᠤᠷᠤᠭᠰᠢᠯᠠᠯᠲᠠ ᠶᠢᠨ ᠠᠯᠬᠤᠭ᠎ᠠ ᠶᠡᠷᠦ ᠠᠴᠠ ᠵᠣᠭᠰᠣᠭᠰᠠᠨ ᠦᠭᠡᠢ ᠶᠤᠮ᠃ ᠣᠶᠢᠷ᠎ᠠ ᠶᠢᠨ ᠵᠢᠯ ᠠᠴᠠ᠂ ᠪᠦᠬᠦ ᠰᠢᠶᠠᠨ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠶᠠᠨ ᠤ ᠨᠠᠮ ᠤᠨ ᠬᠤᠷᠢᠶᠠᠨ ᠤ ᠡᠯ᠎ᠡ ᠠᠵᠢᠯ ᠤᠨ ᠳᠣᠬᠢᠷᠠᠭᠤᠯᠤᠯᠲᠠ ᠶᠢᠨ ᠲᠣᠭᠤᠷᠢᠨ ᠳᠤ ︽ᠬᠠᠮᠠᠭᠠᠯᠠᠬᠤ᠂ ᠬᠥᠭᠵᠢᠭᠦᠯᠬᠦ᠂ ᠴᠢᠨᠡᠭᠡᠯᠢᠭᠵᠢᠭᠦᠯᠬᠦ ︿ᠭᠤᠷᠪᠠᠨ ᠵᠣᠬᠢᠶᠠᠯ﹀ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ︿ᠳᠥᠷᠪᠡᠨ ᠠᠵᠤ ᠦᠢᠯᠡᠰ ᠤᠨ ᠰᠠᠭᠤᠷᠢᠨ﹀ ᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠤ᠂ ᠨᠡᠭᠡᠭᠡᠯᠲᠡ ᠶᠢᠨ ᠲᠣᠭᠤᠷᠢᠭ ᠢ ᠥᠨᠳᠥᠷ ᠪᠠᠷᠢᠮᠵᠢᠶ᠎ᠠ ᠪᠠᠷ ᠲᠥᠯᠥᠪᠯᠡᠨ ᠪᠦᠲᠦᠭᠡᠨ ᠪᠠᠶᠢᠭᠤᠯᠬᠤ﹀ ᠬᠥᠭᠵᠢᠯᠲᠡ ᠶᠢᠨ ᠰᠡᠳᠬᠢᠴᠡ ᠶᠢ ᠦᠷᠭᠦᠯᠵᠢᠯᠡᠨ ᠪᠠᠷᠢᠮᠲᠠᠯᠠᠵᠤ᠂ ᠠᠵᠢᠯ ᠤᠨ ᠭᠠᠷᠳᠠᠴᠠ ᠪᠠᠨ ᠣᠨᠣᠪᠴᠢᠲᠠᠢ ᠣᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠠᠵᠤ ᠦᠢᠯᠡᠰ ᠪᠣᠯ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ᠂ ᠲᠦᠷᠦᠯ ᠵᠦᠢᠯ ᠪᠣᠯ ᠴᠢᠨᠠᠷ ᠰᠠᠶᠢᠲᠠᠢ ᠬᠥᠭᠵᠢᠯᠲᠡ ᠶᠢᠨ ᠲᠤᠯᠭᠠᠭᠤᠷᠢ᠂ ᠨᠡᠭᠡᠭᠡᠨ ᠬᠥᠭᠵᠢᠭᠦᠯᠦᠯᠲᠡ ᠶᠢᠨ ᠣᠷᠣᠨ ᠪᠣᠯ ᠴᠢᠨᠠᠷ ᠰᠠᠶᠢᠲᠠᠢ ᠬᠥᠭᠵᠢᠯᠲᠡ ᠶᠢᠨ ᠠᠴᠢᠶᠠᠯᠠᠪᠤᠷᠢ ᠵᠡᠷᠭᠡ ᠡᠯ᠎ᠡ ᠵᠦᠢᠯ ᠤᠨ ᠠᠵᠢᠯ ᠤᠨ ᠠᠭᠤᠯᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠭᠦᠨ ᠤ ᠤᠯᠠᠮ ᠢᠶᠠᠷ ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ ᠠᠮᠵᠢᠯᠲᠠ ᠪᠦᠲᠦᠮᠵᠢ ᠭᠠᠷᠭᠠᠵᠤ᠂ ᠰᠢᠨ᠎ᠡ ᠵᠠᠮ ᠢ ᠨᠡᠭᠡᠭᠡᠬᠦ ᠪᠠᠷ ᠴᠢᠷᠮᠠᠶᠢᠬᠤ ᠬᠡᠷᠡᠭᠲᠡᠢ᠃      ᠲᠤᠰ ᠤᠳᠠᠭ᠎ᠠ ᠶᠢᠨ ᠲᠣᠭᠯᠠᠯᠲᠠ ᠨᠢ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠤᠷᠠᠨ ᠰᠠᠶᠢᠬᠠᠨ ᠤ ᠲᠣᠭᠯᠠᠯᠲᠠ ᠪᠠᠷ ᠨᠠᠮ ᠤᠨ ᠠᠭᠤᠤ ᠭᠠᠪᠢᠶ᠎ᠠ ᠠᠤᠭ᠎ᠠ ᠦᠢᠯᠡᠰ ᠢ ᠮᠠᠭᠲᠠᠨ ᠳᠠᠭᠤᠯᠠᠵᠤ᠂ ᠪᠦᠬᠦ ᠨᠡᠶᠢᠭᠡᠮ ᠤᠨ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠰᠢᠨ᠎ᠡ ᠴᠠᠭ ᠦᠶ᠎ᠡ ᠶᠢᠨ ᠪᠦᠯᠬᠦᠮᠳᠡᠨ ᠲᠡᠮᠡᠴᠡᠬᠦ ᠬᠦᠴᠦᠨ ᠢ ᠨᠢᠭᠲᠠᠷᠠᠭᠤᠯᠵᠤ᠂ ᠴᠤᠭ ᠪᠠᠳᠠᠷᠠᠩᠭᠤᠢ ᠳᠦᠷᠢ ᠪᠠᠶᠢᠳᠠᠯ ᠪᠣᠯᠣᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ︽ᠵᠢᠷᠭᠤᠭᠠᠨ ᠰᠢᠨ᠎ᠡ ᠦᠴᠦᠸᠠᠨ︾ ᠢ ᠪᠦᠲᠦᠭᠡᠨ ᠪᠠᠶᠢᠭᠤᠯᠬᠤ ᠦᠢᠯᠡᠳᠦᠯᠭᠡ ᠳᠤ ᠣᠷᠣᠯᠴᠠᠬᠤ ᠪᠠᠷ ᠵᠣᠷᠢᠯᠭ᠎ᠠ ᠪᠣᠯᠭᠠᠭᠰᠠᠨ ᠶᠤᠮ᠃ ᠲᠣᠭᠯᠠᠯᠲᠠ ᠳᠠᠭᠤᠰᠤᠭᠰᠠᠨ ᠤ ᠳᠠᠷᠠᠭ᠎ᠠ᠂ ᠣᠯᠠᠨ ᠢᠶᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠲᠡᠷᠡ ᠬᠡᠪ ᠢᠶᠠᠷ ᠨᠢ ᠴᠢᠷᠮᠠᠶᠢᠨ ᠪᠡᠶᠡᠯᠡᠭᠦᠯᠵᠦ᠂ ︽ᠣᠷᠣᠨ ᠤ ᠲᠥᠪ ᠢ ᠬᠦᠴᠦᠷᠬᠡᠭᠵᠢᠭᠦᠯᠬᠦ  ︾ ᠢᠨᠵᠧᠨᠧᠷᠢᠩ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ︽ᠦᠵᠡᠰᠬᠦᠯᠡᠩᠲᠦ ᠰᠠᠶᠢᠬᠠᠨ ᠬᠦᠬᠡᠬᠤᠲᠠ᠂ ᠲᠠᠯ᠎ᠠ ᠨᠤᠲᠤᠭ ᠤᠨ ᠬᠤᠳᠠ︾ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠬᠤ ᠲᠡᠮᠡᠴᠡᠯ ᠤᠨ ᠬᠠᠷᠠᠯᠲᠠ ᠳᠤᠮᠳᠠ᠂ ᠦᠴᠦᠸᠠᠨ ᠤ ᠪᠠᠶᠢᠷᠢ ᠲᠣᠭᠲᠠᠭᠠᠯᠲᠠ ᠶᠢ ᠣᠨᠣᠪᠴᠢᠲᠠᠢ ᠣᠯᠵᠤ᠂ ᠦᠴᠦᠸᠠᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号