ᠦᠴᠦᠸᠠᠨ ᠰᠢᠶᠠᠨ ᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ ᠶᠢᠨ ᠳᠠᠶᠢᠴᠢᠯᠠᠯᠲᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/31
     7 ᠰᠠᠷ᠎ᠠ ᠶᠢᠨ 27 ᠤ ᠡᠳᠦᠷ᠂ ᠦᠴᠦᠸᠠᠨ ᠰᠢᠶᠠᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠳᠠᠶᠢᠴᠢᠯᠠᠯᠲᠠ ᠶᠢᠨ ᠬᠤᠷᠠᠯ ᠬᠤᠷᠠᠯᠳᠤᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ  ᠬᠠᠳᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ ᠪᠦᠬᠦ ᠰᠢᠶᠠᠨ ᠤ ︽ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ︾ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂  ᠬᠦᠬᠡ ᠡᠷᠭᠢ ᠪᠠᠯᠭᠠᠰᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠨᠦᠭᠦᠳ ᠳᠡᠰ ᠳᠠᠷᠠᠭ᠎ᠠ ᠪᠠᠷ ︽ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ︾ ᠶᠢᠨ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠶᠢᠨ ᠲᠤᠬᠠᠢ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃      ᠬᠤᠷᠠᠯ ᠠᠴᠠ᠂ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ  ᠨᠢ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠵᠦᠭ ᠤᠷᠤᠭᠰᠢᠯᠠᠵᠤ ᠪᠠᠶᠢᠭ᠎ᠠ ᠦᠶ᠎ᠡ ᠳᠤ ᠥᠷᠨᠢᠭᠦᠯᠦᠭᠰᠡᠨ ᠠᠩᠬ᠎ᠠ ᠤᠳᠠᠭᠠᠨ ᠤ ᠤᠯᠤᠰ ᠤᠨ ᠪᠠᠶᠢᠳᠠᠯ ᠤᠯᠤᠰ ᠤᠨ ᠬᠦᠴᠦᠨ ᠤ ᠴᠢᠬᠤᠯᠠ ᠶᠡᠭᠡ ᠪᠠᠶᠢᠴᠠᠭᠠᠯᠲᠠ ᠪᠣᠯᠤᠨ᠎ᠠ᠂  ᠡᠨᠡ ᠨᠢ ᠪᠣᠳᠠᠲᠤ ᠪᠠᠶᠢᠳᠠᠯ ᠢ ᠡᠵᠡᠮᠰᠢᠬᠦ᠂ ᠰᠢᠢᠳᠪᠦᠷᠢᠲᠦ ᠪᠣᠳᠣᠯᠭ᠎ᠠ ᠳᠤ ᠦᠢᠯᠡᠴᠢᠯᠡᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠂ ᠠᠳᠠᠯᠢᠬᠠᠨ ᠢᠶᠠᠷ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ ᠶᠢ ᠰᠠᠶᠢᠲᠤᠷ ᠬᠢᠬᠦ ᠪᠣᠯ ᠮᠠᠨ ᠤ ᠰᠢᠶᠠᠨ ᠤ ︽ᠬᠥᠷᠥᠩᠭᠡ︾ ᠶᠢ ᠲᠣᠳᠣᠷᠬᠠᠢ ᠣᠶᠢᠯᠠᠭᠠᠬᠤ ᠬᠠᠮᠤᠭ ᠤᠨ ᠰᠠᠶᠢᠨ ᠠᠷᠭ᠎ᠠ ᠵᠠᠮ ᠮᠥᠨ᠂ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠨᠢ ᠮᠦᠨᠴᠦ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠠᠵᠤ ᠠᠬᠤᠢ ᠶᠢᠨ ᠬᠥᠭᠵᠢᠯᠲᠡ ᠶᠢᠨ ᠶᠡᠭᠡ ᠬᠠᠨᠳᠤᠰᠢ ᠶᠢ ᠣᠨᠣᠪᠴᠢᠲᠠᠶ ᠰᠤᠳᠤᠯᠤᠨ ᠮᠠᠭᠠᠳᠯᠠᠬᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠴᠢᠬᠤᠯᠠ ᠦᠨᠳᠦᠰᠦᠯᠡᠯ ᠪᠣᠯᠣᠨ᠎ᠠ᠃ ᠪᠦᠬᠦ ᠰᠢᠶᠠᠨ ᠢᠶᠠᠷ ᠢᠶᠠᠨ ᠦᠵᠡᠯ ᠰᠠᠨᠠᠭ᠎ᠠ ᠲᠠᠨᠢᠯᠲᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠦᠨᠳᠦᠰᠦᠨ ᠲᠤᠭ᠎ᠠ ᠰᠠᠭᠤᠷᠢ ᠲᠤᠭ᠎ᠠ ᠨᠢ ᠣᠨᠣᠪᠴᠢ ᠦᠭᠡᠢ᠂ ᠨᠡᠶᠢᠳᠡᠮ ᠪᠠᠶᠢᠴᠠᠭᠠᠯᠲᠠ ᠶᠢᠨ ᠠᠮᠢᠨ ᠰᠤᠳᠠᠰᠤ ᠶᠢ ᠰᠠᠬᠢᠵᠤ ᠳᠡᠶᠢᠯᠬᠦ ᠦᠭᠡᠢ᠂ ᠬᠠᠮᠵᠢᠯᠴᠠᠨ ᠬᠠᠮᠲᠤᠷᠠᠯᠴᠠᠬᠤ ᠨᠢ ᠨᠢᠭᠲᠠ ᠪᠤᠰᠤ᠂ ᠠᠵᠢᠯ ᠤᠨ ᠲᠣᠬᠢᠷᠠᠭᠤᠯᠤᠯᠲᠠ ᠨᠢ ᠪᠣᠳᠠᠲᠠᠢ ᠪᠢᠰᠢ᠂ ᠤᠬᠠᠭᠤᠯᠭ᠎ᠠ ᠳᠠᠶᠢᠴᠢᠯᠠᠯᠲᠠ ᠨᠢ ᠭᠦᠨᠵᠡᠭᠡᠢ ᠪᠢᠰᠢ᠂ ᠡᠩᠨᠡᠭᠡ ᠶᠢᠨ ᠪᠣᠯᠪᠠᠰᠤᠷᠠᠭᠤᠯᠤᠯ ᠨᠢ ᠪᠣᠳᠠᠲᠠᠢ ᠪᠢᠰᠢ᠂ ᠠᠵᠢᠯ ᠤᠨ ᠠᠷᠭ᠎ᠠ ᠮᠠᠶ᠋ᠢᠭ ᠨᠢ ᠰᠢᠨ᠎ᠡ ᠪᠢᠰᠢ ᠵᠡᠷᠭᠡ ᠴᠢᠬᠤᠯᠠ ᠠᠰᠠᠭᠤᠳᠠᠯ ᠢ ᠨᠢᠭᠡᠳᠦᠯᠲᠡᠢ ᠲᠥᠯᠥᠪᠯᠡᠨ ᠰᠠᠶᠢᠲᠤᠷ ᠰᠢᠢᠳᠪᠦᠷᠢᠯᠡᠵᠦ᠂ ᠠᠯᠳᠠᠭᠳᠠᠯ ᠢ ᠪᠠᠶᠢᠴᠠᠭᠠᠵᠤ ᠳᠤᠲᠠᠭᠤ ᠶᠢ ᠨᠥᠬᠦᠪᠦᠷᠢᠯᠡᠵᠦ᠂ ᠨᠠᠷᠢᠯᠢᠭ ᠣᠨᠣᠴᠠᠲᠠᠢ ᠪᠠᠷ ᠬᠦᠴᠦᠯᠡᠵᠦ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠨᠡᠨᠬᠦ ᠯᠠᠪᠳᠠᠭᠤᠨ ᠪᠠᠲᠤᠲᠠᠢ ᠬᠢᠵᠦ᠂ ᠪᠣᠳᠠᠲᠠᠢ ᠪᠠᠷ ᠪᠡᠶᠡᠯᠡᠭᠦᠯᠵᠦ᠂ ᠴᠢᠨᠠᠷ ᠰᠠᠶᠢᠲᠠᠢ ᠨᠡᠶᠢᠳᠡᠮ ᠪᠠᠶᠢᠴᠠᠭᠠᠯᠲᠠ ᠪᠠᠷ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠤᠬᠠᠭᠤᠯᠬᠤ ᠠᠷᠭ᠎ᠠ ᠵᠠᠮ ᠤᠨ ᠰᠢᠨ᠎ᠡ ᠶᠢ ᠡᠭᠦᠳᠴᠦ᠂ ︽ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ︾ ᠶᠢᠨ ᠴᠢᠬᠤᠯᠠ ᠴᠢᠨᠠᠷ ᠢ ᠭᠦᠢᠴᠡᠳ ᠤᠬᠠᠭᠤᠯᠬᠤ ᠶᠢ ᠦᠨᠡᠨᠬᠦ ᠪᠡᠶᠡᠯᠡᠭᠦᠯᠵᠦ᠂ ᠪᠦᠬᠦ ᠨᠡᠶᠢᠭᠡᠮ ᠢᠶᠠᠷ ᠢᠶᠠᠨ ᠨᠡᠶᠢᠳᠡᠮ ᠪᠠᠶᠢᠴᠠᠭᠠᠯᠲᠠ ᠶᠢ ᠣᠶᠢᠯᠠᠭᠠᠬᠤ᠂ ᠨᠡᠶᠢᠳᠡᠮ ᠪᠠᠶᠢᠴᠠᠭᠠᠯᠲᠠ ᠶᠢ ᠴᠢᠬᠤᠯᠠᠴᠢᠯᠠᠬᠤ᠂ ᠨᠡᠶᠢᠳᠡᠮ ᠪᠠᠶᠢᠴᠠᠭᠠᠯᠲᠠ ᠶᠢ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠨᠡᠶᠢᠳᠡᠮ ᠪᠠᠶᠢᠴᠠᠭᠠᠯᠲᠠ ᠶᠢ ᠬᠦᠯᠢᠶᠡᠬᠦ ᠬᠠᠮᠵᠢᠯᠴᠠᠭ᠎ᠠ ᠶᠢᠨ ᠬᠡᠮᠵᠢᠶ᠎ᠡ᠂ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号