ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 20 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/31
     7 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 20 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠮᠠᠨ ᠤ ᠰᠢᠶᠠᠨ ᠤ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠤᠷᠰᠢᠯᠲᠠ ᠶᠢᠨ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠡᠷᠬᠢᠯᠡᠬᠦ ᠬᠠᠮᠢᠶ᠎ᠠ ᠪᠦᠬᠦᠢ ᠶᠠᠪᠤᠳᠠᠯ ᠢ ᠰᠤᠳᠤᠯᠪᠠ᠃      ᠣᠶᠢᠯᠠᠭᠠᠭᠰᠠᠨ ᠢᠶᠠᠷ᠂ ᠮᠠᠨ ᠤ ᠰᠢᠶᠠᠨ ᠤ ᠬᠢᠨ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠤᠷᠰᠢᠯᠲᠠ ᠶᠢᠨ ᠰᠤᠷᠭᠠᠭᠤᠯᠢ ᠶᠢᠨ ᠪᠦᠯᠦᠭᠯᠡᠯ ᠤᠨ ᠵᠠᠬᠢᠷᠤᠯ ᠴᠢᠦᠢ ᠵᠢᠶᠠᠨ ᠬᠤᠸᠠ ᠶᠢᠨ ᠪᠦᠯᠬᠦᠮ ᠢ ᠣᠷᠣᠭᠤᠯᠤᠨ ᠪᠦᠬᠦ ᠰᠢᠶᠠᠨ ᠤ ᠰᠤᠷᠭᠠᠨ ᠬᠥᠮᠦᠵᠢᠯ ᠢ ᠨᠢᠭᠡ ᠴᠣᠭᠴᠠᠵᠢᠭᠤᠯᠬᠤ ᠪᠠᠷ ᠳᠡᠮᠵᠢᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠪᠠ ᠥᠨᠳᠥᠷ ᠳᠤᠮᠳᠠᠳᠤ ᠶᠢᠨ ᠰᠤᠷᠭᠠᠨ ᠬᠥᠮᠦᠵᠢᠯ ᠤᠨ ᠱᠠᠲᠤ ᠦᠶ᠎ᠡ ᠶᠢ ᠴᠤᠭ ᠢᠶᠠᠷ ᠳᠠᠶᠢᠴᠢᠯᠠᠵᠤ᠂ ᠬᠡᠦᠬᠡᠳ ᠤᠨ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ︽ᠨᠢᠭᠡ ᠴᠣᠭᠴᠠ ᠬᠤᠶᠠᠷ ᠵᠢᠭᠦᠷ ᠬᠤᠶᠠᠷ ᠲᠠᠯ᠎ᠠ ᠪᠠᠷ ᠳᠠᠶᠢᠴᠢᠯᠠᠬᠤ︾ ᠬᠠᠮᠲᠤ ᠪᠠᠷ ᠪᠠᠶᠢᠭᠤᠯᠬᠤ ᠵᠠᠭᠪᠤᠷ ᠢ ᠵᠡᠷᠭᠡ ᠪᠠᠷ ᠳᠠᠶᠢᠴᠢᠯᠠᠵᠤ᠂ ᠬᠡᠦᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠪᠦᠯᠦᠭᠯᠡᠯ ᠤᠨ ᠬᠠᠮᠲᠤ ᠪᠠᠷ ᠪᠠᠶᠢᠭᠤᠯᠵᠤ ᠬᠠᠪᠰᠤᠷᠤᠨ ᠲᠡᠳᠬᠦᠬᠦ ᠬᠡᠪᠴᠢᠶᠡᠨ ᠳᠤ ᠣᠷᠣᠭᠤᠯᠵᠤ᠂ ᠨᠡᠶᠢᠰᠯᠡᠯ ᠤᠨ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠠᠰᠢᠭᠯᠠᠨ ᠨᠡᠷᠡᠳᠦ ᠪᠠᠭᠰᠢ ᠶᠢᠨ ᠵᠢᠱᠢᠶ᠎ᠡ ᠦᠵᠡᠭᠦᠯᠦᠨ ᠵᠢᠭᠠᠨ ᠰᠤᠷᠭᠠᠬᠤ᠂ ᠪᠠᠭᠰᠢ ᠶᠢᠨ ᠰᠤᠳᠤᠯᠤᠨ ᠰᠤᠷᠤᠯᠴᠠᠬᠤ᠂ ᠺᠠᠳ᠋ᠷ ᠢ ᠪᠣᠯᠪᠠᠰᠤᠷᠠᠭᠤᠯᠬᠤ᠂ ᠨᠡᠷᠡᠳᠦ ᠪᠠᠭᠰᠢ ᠱᠠᠪᠢ ᠳᠠᠭᠠᠭᠤᠯᠬᠤ ᠵᠡᠷᠭᠡ ᠰᠣᠯᠢᠯᠴᠠᠭᠠᠨ ᠤ ᠠᠵᠢᠯᠯᠠᠭ᠎ᠠ ᠶᠢ ᠥᠷᠨᠢᠭᠦᠯᠵᠦ᠂ ᠲᠡᠷᠢᠭᠦᠨ ᠤ ᠬᠠᠮᠢᠶᠠᠷᠤᠯᠲᠠ ᠶᠢᠨ ᠣᠶᠢᠯᠠᠭᠠᠭᠳᠠᠬᠤᠨ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠷᠭ᠎ᠠ ᠶᠢ ᠮᠠᠨ ᠤ ᠰᠢᠶᠠᠨ ᠤ ᠪᠦᠬᠦ ᠰᠤᠷᠤᠯᠭ᠎ᠠ ᠶᠢᠨ ᠱᠠᠲᠤ᠂ ᠡᠯ᠎ᠡ ᠰᠤᠷᠭᠠᠭᠤᠯᠢ ᠳᠤ ᠣᠷᠣᠭᠤᠯᠵᠤ᠂ ᠮᠠᠨ ᠤ ᠰᠢᠶᠠᠨ ᠤ ᠰᠤᠷᠭᠠᠨ ᠬᠥᠮᠦᠵᠢᠯ ᠤᠨ ︽ᠨᠢᠭᠡ ᠬᠥᠯᠭᠡ ᠰᠢᠲᠠᠷ᠎ᠠ ᠪᠤᠯᠬᠤ︾ ᠠᠵᠢᠯ ᠤᠨ ᠪᠠᠶᠢᠷᠢᠰᠢᠯ ᠢ ᠪᠤᠢ ᠪᠣᠯᠭᠠᠵᠤ᠂ ᠦᠴᠦᠸᠠᠨ ᠰᠢᠶᠠᠨ ᠤ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠵᠤ ᠠᠬᠢᠭᠤᠯᠤᠨ᠎ᠠ᠃      ᠬᠤᠷᠠᠯ ᠠᠴᠠ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠡᠷᠢᠭᠦᠨ ᠤ ᠰᠤᠷᠭᠠᠭᠤᠯᠢ ᠡᠷᠬᠢᠯᠡᠬᠦ ᠣᠶᠢᠯᠠᠭᠠᠭᠳᠠᠬᠤᠨ᠂ ᠰᠢᠨ᠎ᠡ ᠬᠠᠮᠢᠶᠠᠷᠤᠯᠲᠠ ᠶᠢᠨ ᠵᠠᠭᠪᠤᠷ᠂ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠲᠣᠭᠲᠠᠴᠠ ᠳᠤ ᠲᠦᠰᠢᠭᠯᠡᠪᠡᠯ ᠦᠴᠦᠸᠠᠨ ᠤ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠨᠢ ᠯᠠᠪᠲᠠᠢ ᠶᠤᠮ᠃ ᠦᠴᠦᠸᠠᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠬᠠᠮᠲᠤᠷᠠᠨ ᠰᠤᠷᠭᠠᠭᠤᠯᠢ ᠡᠷᠭᠢᠯᠡᠬᠦ ᠪᠠᠲᠤᠯᠠᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠮᠤᠭ ᠤᠨ ᠥᠨᠳᠥᠷ ᠪᠦᠲᠦᠮᠵᠢᠲᠡᠶ ᠨᠠᠷᠢᠯᠢᠭ ᠣᠨᠣᠴᠠᠲᠠᠢ ᠦᠢᠯᠡᠴᠢᠯᠡᠭᠡ᠂ ᠬᠠᠮᠤᠭ ᠤᠨ ᠰᠢᠯᠢᠳᠡᠭ ᠬᠠᠲᠠᠭᠤ ᠲᠣᠨᠤᠭ ᠲᠥᠬᠦᠭᠡᠷᠦᠮᠵᠢ᠂ ᠬᠠᠮᠤᠭ ᠤᠨ ᠰᠠᠶᠢᠨ ᠰᠤᠷᠭᠠᠨ ᠬᠥᠮᠦᠵᠢᠯ ᠤᠨ ᠣᠷᠴᠢᠨ ᠨᠥᠬᠦᠴᠡᠯ ᠢ ᠬᠠᠩᠭᠠᠵᠤ᠂ ᠬᠠᠮᠲᠤᠷᠠᠨ ᠰᠤᠷᠭᠠᠭᠤᠯᠢ ᠡᠷᠭᠢᠯᠡᠬᠦ ᠵᠦᠢᠯᠡᠰ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ ᠭᠡᠵᠦ ᠵᠢᠭᠠᠵᠤ ᠭᠠᠷᠭᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号