ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 101 ᠳ᠋ᠦ᠋ᠭᠡᠷ ᠤᠳᠠᠭᠠᠨ ᠤ ᠬᠤᠷᠠᠯ ᠵᠢᠴᠢ ᠰᠢᠶᠠᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ 2023 ᠣᠨ ᠤ ᠠᠩᠬᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/31
     7 ᠰᠠᠷ᠎ᠠ ᠶᠢᠨ 27  ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 101 ᠳ᠋ᠦ᠋ᠭᠡᠷ ᠤᠳᠠᠭᠠᠨ ᠤ ᠬᠤᠷᠠᠯ ᠵᠢᠴᠢ ᠰᠢᠶᠠᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ 2023 ᠣᠨ ᠤ ᠠᠩᠬᠠᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠬᠤᠶᠠᠳᠤᠭᠠᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠰᠢᠶᠠᠨ ᠤ ᠠᠮᠢ ᠠᠬᠤᠢ ᠣᠷᠴᠢᠨ ᠲᠣᠭᠤᠷᠢᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 87 ᠳ᠋ᠤᠭᠠᠷ ᠤᠳᠠᠭᠠᠨ ᠤ ᠬᠤᠷᠠᠯ ᠵᠢᠴᠢ ᠪᠥᠬᠦ ᠬᠤᠲᠠ ᠶᠢᠨ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠮᠠᠨ ᠤ ᠰᠢᠶᠠᠨ ᠤ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠪᠠ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠᠨ ᠠᠭᠤᠯᠠ ᠮᠥᠩᠭᠦᠨ ᠠᠭᠤᠯᠠ ᠮᠥᠨ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ᠂ ᠪᠣᠯᠪᠠᠰᠤᠨ ᠬᠤᠲᠠ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ᠂ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠰᠢᠶᠠᠨ ᠢ ᠡᠭᠦᠳᠦᠨ ᠪᠠᠶᠢᠭᠤᠯᠤᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠰᠤᠷᠭᠠᠨ ᠬᠥᠮᠦᠵᠢᠯ᠂ ᠡᠮᠴᠢᠯᠡᠭᠡ᠂ ᠠᠷᠠᠳ ᠤᠨ ᠶᠠᠪᠤᠳᠠᠯ ᠵᠡᠷᠭᠡ ᠲᠠᠯ᠎ᠠ ᠪᠠᠷ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠶᠢᠩᠭᠤᠵᠢᠭᠤᠯᠤᠨ ᠪᠠᠬᠢᠵᠢᠭᠦᠯᠵᠦ᠂ ᠬᠦᠴᠦᠲᠡᠢ ᠠᠷᠭ᠎ᠠ ᠬᠡᠮᠵᠢᠶ᠎ᠡ ᠠᠪᠴᠤ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠬᠡᠷᠡᠭᠲᠡᠢ︔ ᠬᠥᠳᠡᠭᠡ ᠲᠣᠰᠬᠤᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠤᠨ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠲᠠᠷᠢᠶᠠᠨ ᠭᠠᠵᠠᠷ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ  ᠬᠢᠨ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠢ ᠰᠤᠳᠤᠯᠤᠨ ᠤᠩᠰᠢᠵᠤ᠂ ᠪᠣᠳᠠᠲᠠᠢ ᠲᠠᠢ ᠤᠶᠠᠯᠳᠤᠭᠤᠯᠤᠨ᠂ ᠲᠠᠷᠢᠶᠠᠴᠢᠳ ᠤᠨ ᠰᠠᠨᠠᠯ ᠢ ᠥᠷᠭᠡᠨ ᠢᠶᠠᠷ ᠰᠣᠨᠣᠰᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠢᠨᠲ᠋ᠥᠷ ᠰᠦᠯᠵᠢᠶᠡᠨ ᠤ ᠮᠡᠳᠡᠭᠡ ᠵᠠᠩᠭᠢ ᠶᠢᠨ ᠬᠦᠷᠢᠶᠡᠨ ᠤ ᠡᠯ᠎ᠡ ᠵᠦᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠥᠪ ᠲᠠᠯ᠎ᠠ ᠶᠢᠨ ᠤᠬᠠᠭᠤᠯᠭ᠎ᠠ ᠶᠢ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠲᠦᠭᠰᠢᠭᠦᠷᠢ ᠶᠢ ᠰᠡᠷᠭᠡᠶᠢᠯᠡᠵᠦ᠂ ᠰᠦᠯᠵᠢᠶᠡᠨ ᠤ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠬᠡᠷᠡᠭᠲᠡᠢ︔ ᠡᠭᠦᠨ ᠠᠴᠠ ᠭᠠᠳᠠᠨ᠎ᠠ᠂ ᠠᠮᠢ ᠠᠬᠤᠢ ᠶᠢᠨ ᠬᠠᠮᠠᠭᠠᠯᠠᠯᠲᠠ ᠪᠣᠯᠣᠨ ᠪᠦᠲᠦᠭᠡᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠳᠤ ᠲᠦᠰᠢᠭᠯᠡᠨ᠂ ᠬᠥᠭᠵᠢᠯᠲᠡ ᠶᠢᠨ ᠰᠡᠳᠬᠢᠴᠡ ᠪᠠᠨ ᠨᠠᠷᠢᠨ ᠬᠢᠨᠠᠮᠠᠭᠠᠢ ᠡᠮᠬᠢᠯᠡᠵᠦ᠂ ᠤᠷᠢᠳᠴᠢᠯᠠᠨ ᠲᠥᠯᠥᠪᠵᠢᠭᠦᠯᠵᠦ᠂ ᠭᠦᠢᠴᠡᠳ ᠪᠡᠯᠡᠳᠬᠡᠵᠦ᠂ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠨᠠᠶᠢᠳᠠᠪᠤᠷᠢᠵᠢᠭᠤᠯᠵᠤ᠂ ᠠᠵᠢᠯ ᠬᠤᠪᠢᠶᠠᠷᠢᠯᠠᠨ ᠬᠠᠷᠢᠭᠤᠴᠠᠬᠤ ᠪᠠᠨ ᠴᠢᠩᠭᠠᠳᠬᠠᠵᠤ᠂ ᠦᠴᠦᠸᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ︽ᠲᠦᠷᠦᠯ ᠵᠦᠢᠯ ᠢᠶᠠᠷ ᠭᠤᠣᠯ ᠪᠣᠯᠭᠠᠬᠤ︾ ᠣᠶᠢᠯᠠᠭᠠᠭᠳᠠᠬᠤᠨ ᠢ ᠪᠠᠷᠢᠮᠲᠠᠯᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠬᠦ ᠬᠡᠷᠡᠭᠲᠡᠢ︔ ᠡᠭᠦᠳᠦᠨ ᠪᠠᠶᠢᠭᠤᠯᠬᠤ ᠠᠵᠢᠯ ᠤᠨ ᠲᠠᠯ᠎ᠠ ᠪᠠᠷ᠂ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ ᠤᠨ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠵᠣᠬᠢᠴᠠᠭᠤᠯᠤᠨ ᠲᠣᠬᠢᠷᠠᠭᠤᠯᠬᠤ ᠪᠠᠨ ᠴᠢᠩᠭᠠᠳᠬᠠᠨ᠂ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢ ᠲᠣᠭᠲᠠᠭᠠᠵᠤ᠂ ᠡᠭᠦᠳᠦᠨ ᠪᠠᠶᠢᠭᠤᠯᠬᠤ ᠪᠠᠷᠢᠮᠵᠢᠶ᠎ᠠ ᠶᠢ ᠴᠢᠩᠳᠠᠯᠠᠵᠤ᠂ ᠪᠥᠬᠦ ᠰᠢᠶᠠᠨ ᠤ ᠡᠭᠦᠳᠦᠨ ᠪᠠᠶᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠬᠢᠨᠠᠨ ᠵᠥᠪᠯᠡᠪᠡ᠃               ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号