ᠨᠢᠭᠡ᠂ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤᠨ ᠳᠤ ᠬᠦᠷᠦᠭᠰᠡᠳ ᠤᠨ | ᠡᠮᠴᠢᠯᠡᠭᠡᠨ ᠤ ᠳᠠᠭᠠᠳᠬᠠᠯ ᠤᠨ ᠠᠵᠢᠯ ᠠᠴᠠ ᠪᠠᠨ ᠠᠮᠠᠷᠠᠬᠤ ᠰᠦᠢᠳᠬᠡᠯ ᠲᠤᠰᠢᠶᠠᠬᠤ ᠵᠢᠯ ᠬᠤᠭᠤᠴᠠᠭ᠎ᠠ ᠶᠢ ᠬᠡᠷᠬᠢᠨ | ᠲᠣᠭᠲᠠᠭᠠᠭᠰᠠᠨ ᠪᠣᠶ︖ | | ᠬᠠᠷᠢᠭᠤᠯᠲᠠ᠄ | 1᠂ 2004 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠳᠠᠭᠠᠳᠬᠠᠯ ᠳᠤ | ᠣᠷᠣᠯᠴᠠᠭᠰᠠᠳ᠂ ᠵᠠᠯᠭᠠᠭ᠎ᠠ ᠪᠠᠷ ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ᠨᠢ ᠠᠷᠪᠠᠨ ᠬᠤᠶᠠᠷ ᠵᠢᠯ ᠠᠴᠠ | ᠳᠣᠣᠷ᠎ᠠ ᠦᠭᠡᠢ᠂ ᠨᠡᠶᠢᠳᠡ ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ᠨᠢ ᠠᠷᠪᠠᠨ ᠲᠠᠪᠤᠨ ᠵᠢᠯ ᠠᠴᠠ ᠳᠣᠣᠷ᠎ᠠ | ᠦᠭᠡᠢ︔ | 2᠂ 2005 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2009 ᠣᠨ ᠤ 11 ᠳ᠋ᠦ᠋ᠭᠡᠷ ᠰᠠᠷ᠎ᠠ ᠶᠢᠨ | 30 ᠤ ᠡᠳᠦᠷ ᠪᠣᠯᠲᠠᠯ᠎ᠠ ᠳᠠᠭᠠᠳᠬᠠᠯ ᠳᠤ ᠣᠷᠣᠯᠴᠠᠭᠰᠠᠳ᠂ ᠨᠡᠶᠢᠳᠡ ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ | ᠨᠢ ᠠᠷᠪᠠᠨ ᠲᠠᠪᠤᠨ ᠵᠢᠯ ᠠᠴᠠ ᠳᠣᠣᠷ᠎ᠠ ᠦᠭᠡᠢ︔ | 3᠂ 2009 ᠣᠨ ᠤ 12 ᠳ᠋ᠤᠭᠠᠷ ᠰᠠᠷ᠎ᠠ ᠶᠢᠨ 1 ᠤ ᠡᠳᠦᠷ ᠠᠴᠠ 2015 ᠣᠨ ᠤ 12 ᠳ᠋ᠤᠭᠠᠷ | ᠰᠠᠷ᠎ᠠ ᠶᠢᠨ 31 ᠤ ᠡᠳᠦᠷ ᠪᠣᠯᠲᠠᠯ᠎ᠠ ᠳᠠᠭᠠᠳᠬᠠᠯ ᠳᠤ ᠣᠷᠣᠯᠴᠠᠭᠰᠠᠳ᠂ ᠨᠡᠶᠢᠲᠡ ᠰᠦᠢᠳᠬᠡᠯ ᠲᠤᠰᠢᠶᠠᠭᠰᠠᠨ ᠵᠢᠯ | ᠬᠤᠭᠤᠴᠠᠭ᠎ᠠ ᠨᠢ ᠬᠤᠷᠢᠨ ᠵᠢᠯ ᠠᠴᠠ ᠳᠣᠣᠷ᠎ᠠ ᠦᠭᠡᠢ︔ | 4᠂ 2016 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠰᠡᠭᠦᠯᠡᠷ ᠳᠠᠭᠠᠳᠬᠠᠯ ᠳᠤ ᠣᠷᠣᠯᠴᠠᠭᠰᠠᠳ | ᠂ ᠨᠡᠶᠢᠲᠡ ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ᠨᠢ ᠬᠤᠷᠢᠨ ᠲᠠᠪᠤᠨ ᠵᠢᠯ ᠠᠴᠠ ᠳᠣᠣᠷ᠎ᠠ ᠦᠭᠡᠢ᠃ | | | ᠬᠤᠶᠠᠷ᠂ ᠠᠵᠢᠯ ᠠᠴᠠ ᠪᠠᠨ ᠠᠮᠠᠷᠠᠭᠰᠠᠳ ᠤᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠭᠰᠠᠨ ᠵᠢᠯ | ᠬᠤᠭᠤᠴᠠᠭ᠎ᠠ ᠨᠢ ᠬᠦᠷᠬᠦ ᠦᠭᠡᠢ ᠪᠣᠯ ᠬᠡᠷᠬᠢᠨ ᠭᠦᠢᠴᠡᠳᠬᠡᠬᠦ ᠪᠣᠢ︖ | | ᠬᠠᠷᠢᠭᠤᠯᠲᠠ᠄ ᠬᠠᠤᠯᠢ ᠪᠠᠷ ᠲᠣᠭᠲᠠᠭᠠᠭᠰᠠᠨ ᠠᠵᠢᠯ ᠠᠴᠠ ᠠᠮᠠᠷᠠᠬᠤ ᠨᠠᠰᠤᠨ ᠳᠤ ᠬᠦᠷᠦᠭᠰᠡᠳ᠂ | ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠬᠤ ᠬᠠᠮᠤᠭ ᠳᠣᠣᠷ᠎ᠠ ᠵᠢᠯ ᠬᠤᠭᠤᠴᠠᠭ᠎ᠠ ᠶᠢ | ᠭᠦᠢᠴᠡᠳ ᠲᠤᠰᠢᠶᠠᠭᠰᠠᠨ ᠦᠭᠡᠢ ᠪᠠᠶᠢᠪᠠᠯ ᠦᠯᠡᠳᠡᠭᠰᠡᠨ ᠵᠢᠯ ᠬᠤᠭᠤᠴᠠᠭᠠᠨ ᠤ ᠡᠮᠴᠢᠯᠡᠭᠡᠨ ᠤ ᠳᠠᠭᠠᠳᠬᠠᠯ ᠤᠨ | ᠰᠦᠢᠳᠬᠡᠯ ᠢ ᠨᠢᠭᠡ ᠯᠡ ᠤᠳᠠᠭ᠎ᠠ ᠳᠤ ᠭᠦᠢᠴᠡᠳ ᠲᠤᠰᠢᠶᠠᠵᠤ᠂ ᠭᠦᠢᠴᠡᠳ ᠲᠤᠰᠢᠶᠠᠭᠰᠠᠨ ᠤ ᠳᠠᠷᠠᠭ᠎ᠠ | ᠳᠠᠩᠰᠠᠨ ᠳᠤ ᠣᠷᠣᠭᠤᠯᠪᠠᠯ ᠳᠠᠷᠤᠢ ᠠᠵᠢᠯ ᠠᠴᠠ ᠠᠮᠠᠷᠠᠬᠤ ᠭᠠᠷ ᠭᠦᠢᠴᠡᠳᠬᠡᠯ ᠢ ᠬᠢᠵᠦ ᠪᠣᠯᠣᠨ᠎ᠠ᠃ | | | ᠭᠤᠷᠪᠠ᠂ ᠡᠮᠴᠢᠯᠡᠭᠡᠨ ᠤ ᠳᠠᠭᠠᠳᠬᠠᠯ ᠤᠨ ᠠᠵᠢᠯ ᠠᠴᠠ ᠪᠠᠨ ᠠᠮᠠᠷᠠᠬᠤ ᠲᠤᠬᠠᠶᠢᠯᠠᠭᠰᠠᠨ ᠠᠵᠢᠯ ᠢ ᠬᠠᠮᠢᠭ᠎ᠠ | ᠭᠦᠢᠴᠡᠳᠬᠡᠬᠦ ᠪᠣᠢ︖ | | ᠬᠠᠷᠢᠭᠤᠯᠲᠠ᠄ ᠠᠵᠢᠯ ᠠᠴᠠ ᠪᠠᠨ ᠠᠮᠠᠷᠠᠬᠤ ᠲᠤᠬᠠᠶᠢᠯᠠᠭᠰᠠᠨ ᠠᠵᠢᠯ ᠢ ᠦᠴᠦᠸᠠᠨ ᠰᠢᠶᠠᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠬᠤᠶᠠᠳᠤᠭᠠᠷ ᠳᠠᠪᠬᠤᠷᠯᠢᠭ ᠤᠨ ᠡᠮᠴᠢᠯᠡᠭᠡᠨ ᠤ ᠳᠠᠭᠠᠳᠬᠠᠯ ᠤᠨ | ᠦᠢᠯᠡᠴᠢᠯᠡᠭᠡᠨ ᠤ ᠲᠥᠪ ᠤᠨ ᠴᠣᠩᠬᠤᠨ ᠳᠤ ᠭᠦᠢᠴᠡᠳᠬᠡᠨ᠎ᠡ᠂ ᠤᠲᠠᠰᠤ᠄ 0471-8822455᠃ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | |