ᠨᠠᠮ ᠳᠤ ᠣᠷᠣᠭᠰᠠᠨ ᠢᠷᠠᠭᠤ ᠠᠯᠳᠠᠷᠲᠤ ᠲᠠᠪᠢᠨ ᠵᠢᠯ᠂ ᠬᠤᠪᠢᠰᠬᠠᠯ ᠤᠨ ᠭᠠᠯ ᠥᠨᠢᠳᠡ ᠤᠯᠠᠮᠵᠢᠯᠠᠭᠳᠠᠨ᠎ᠠ ︱ ᠬᠠᠷᠠᠭᠤᠯ ᠪᠠᠯᠭᠠᠰᠤᠨ ᠳᠤ ︽ᠨᠠᠮ ᠳᠤ ᠣᠷᠣᠭᠰᠠᠨ ᠢᠷᠠᠭᠤ ᠠᠯᠳᠠᠷᠲᠤ ᠲᠠᠪᠢᠨ ᠵᠢᠯ︾  ᠤᠨ ᠳᠤᠷᠠᠰᠬᠠᠯ ᠤᠨ ᠲᠡᠮᠳᠡᠭ ᠢ ᠣᠯᠭᠤᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/7/4
      ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 102 ᠵᠢᠯ ᠤᠨ ᠤᠢ ᠶᠢ ᠪᠡᠯᠭᠡᠯᠡᠬᠦ ᠲᠠᠰᠢᠷᠠᠮ ᠢᠶᠠᠷ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠦᠬᠦ ᠪᠠᠯᠭᠠᠰᠤᠨ ᠤ ᠨᠠᠮ ᠤᠨ ᠭᠡᠰᠢᠭᠦᠨ ᠤ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠬᠤ᠂ ᠬᠦᠰᠡᠯ ᠵᠡᠭᠦᠳᠦ ᠪᠠᠨ ᠲᠡᠷᠭᠡᠯᠰᠢᠭᠦᠯᠬᠦ ᠰᠢᠨ᠎ᠡ ᠠᠶᠠᠨ ᠢ ᠤᠯᠠᠮ ᠴᠢᠨᠠᠭᠰᠢᠳᠠ ᠬᠥᠭᠵᠢᠭᠡᠬᠦ ᠶᠢᠨ ᠲᠥᠯᠥᠭᠡ᠂ ᠬᠠᠷᠠᠭᠤᠯ ᠪᠠᠯᠭᠠᠰᠤᠨ ᠤ ᠡᠯ᠎ᠡ ᠲᠣᠰᠬᠤᠨ ᠤ ᠨᠠᠮ ᠤᠨ ᠡᠭᠦᠷ ︽ᠲᠤᠯᠤᠭᠠᠨ ᠰᠠᠷ᠎ᠠ ᠶᠢᠨ ᠨᠢᠭᠡᠨ ᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ︾ ᠲᠠᠢ ᠤᠶᠠᠯᠳᠤᠭᠤᠯᠤᠨ ᠪᠦᠯᠦᠭ ᠬᠤᠪᠢᠶᠠᠨ ︽ᠨᠠᠮ ᠳᠤ ᠣᠷᠣᠭᠰᠠᠨ ᠢᠷᠠᠭᠤ ᠠᠯᠳᠠᠷᠲᠤ 50 ᠵᠢᠯ︾ ᠤᠨ ᠳᠤᠷᠠᠰᠬᠠᠯ ᠤᠨ ᠲᠡᠮᠳᠡᠭ ᠢ ᠣᠯᠭᠤᠬᠤ ᠶᠣᠰᠣᠯᠠᠯ ᠶᠠᠪᠤᠭᠤᠯᠵᠤ᠂ ᠪᠦᠬᠦ ᠪᠠᠯᠭᠠᠰᠤᠨ ᠤ ᠳᠤᠷᠠᠰᠬᠠᠯ ᠤᠨ ᠲᠡᠮᠳᠡᠭ ᠢ ᠭᠠᠷᠳᠠᠭᠤᠯᠬᠤ ᠳᠤ ᠨᠡᠶᠢᠴᠡᠬᠦ ᠨᠠᠮ ᠤᠨ ᠭᠡᠰᠢᠭᠦᠨ ᠨᠡᠶᠢᠳᠡ 10 ᠬᠥᠮᠥᠨ ᠪᠤᠢ᠃ ︽ᠨᠠᠮ ᠳᠤ ᠣᠷᠣᠭᠰᠠᠨ ᠢᠷᠠᠭᠤ ᠠᠯᠳᠠᠷᠲᠤ 50 ᠵᠢᠯ  ︾ ᠤᠨ ᠳᠤᠷᠠᠰᠬᠠᠯ ᠤᠨ ᠲᠡᠮᠳᠡᠭ ᠢ  ᠣᠯᠭᠤᠯᠬᠤ ᠨᠢ ᠠᠬᠠᠮᠠᠳ ᠨᠠᠮ ᠤᠨ ᠭᠡᠰᠢᠭᠦᠨ ᠤ ᠢᠷᠠᠭᠤ ᠠᠯᠳᠠᠷ ᠤᠨ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ ᠨᠠᠩ ᠴᠤ ᠵᠢᠱᠢᠶ᠎ᠡ ᠦᠵᠡᠭᠦᠯᠦᠨ ᠤᠯᠠᠮᠵᠢᠯᠠᠬᠤ ᠦᠢᠯᠡᠳᠦᠯ ᠢ ᠪᠠᠳᠠᠷᠠᠭᠤᠯᠵᠤ ᠂ ᠬᠤᠪᠢᠰᠬᠠᠯ ᠤᠨ ᠤᠳᠤᠮᠰᠢᠯ ᠢ ᠪᠠᠳᠠᠷᠠᠭᠤᠯᠤᠨ ᠳᠡᠯᠭᠡᠷᠡᠭᠦᠯᠵᠡᠢ᠃
     ᠲᠠᠪᠢᠨ ᠵᠢᠯ ᠤᠨ ᠭᠠᠶᠢᠬᠠᠮᠰᠢᠭᠲᠤ ᠣᠨ ᠰᠠᠷ᠎ᠠ᠂ ᠲᠠᠪᠢᠨ ᠵᠢᠯ ᠤᠨ ᠤᠭ ᠰᠠᠨᠠᠭ᠎ᠠ ᠪᠠᠲᠤ ᠪᠠᠬᠢ᠃ ︽ᠨᠠᠮ ᠳᠤ ᠣᠷᠣᠭᠰᠠᠨ ᠢᠷᠠᠭᠤ ᠠᠯᠳᠠᠷᠲᠤ 50 ᠵᠢᠯ︾ ᠤᠨ ᠳᠤᠷᠠᠰᠬᠠᠯ ᠤᠨ ᠲᠡᠮᠳᠡᠭ ᠲᠤ ᠠᠬᠠᠮᠠᠳ ᠨᠠᠮ ᠤᠨ ᠭᠡᠰᠢᠭᠦᠨ ᠤ ᠢᠷᠠᠭᠤ ᠠᠯᠳᠠᠷ ᠪᠠ ᠬᠠᠷᠢᠭᠤᠴᠠᠯᠭ᠎ᠠ ᠶᠢ ᠡᠭᠦᠷᠭᠡᠯᠡᠵᠦ᠂ ᠳᠤᠷᠠᠰᠬᠠᠯ ᠤᠨ ᠲᠡᠮᠳᠡᠭ ᠢ ᠣᠯᠣᠭᠰᠠᠨ ᠠᠬᠠᠮᠠᠳ ᠨᠠᠮ ᠤᠨ ᠭᠡᠰᠢᠭᠦᠳ᠄ ᠬᠡᠳᠦᠶᠢᠪᠡᠷ ᠣᠳᠣ ᠨᠢᠭᠡᠨᠲᠡ ᠠᠵᠢᠯ ᠤᠨ ᠪᠠᠶᠢᠷᠢ ᠠᠴᠠ ᠪᠠᠨ ᠰᠠᠯᠤᠭᠰᠠᠨ ᠪᠣᠯᠪᠠᠴᠤ᠂ ᠢᠷᠡᠭᠡᠳᠦᠢ ᠶᠢᠨ ᠡᠳᠦᠷ ᠤᠳ ᠲᠤ ᠦᠷᠭᠦᠯᠵᠢᠯᠡᠨ ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠠᠬᠠᠮᠠᠳ ᠨᠠᠮ ᠤᠨ ᠭᠡᠰᠢᠭᠦᠨ ᠤ ᠵᠢᠱᠢᠶᠡᠴᠢ ᠪᠠᠷ ᠬᠦᠳᠦᠯᠦᠨ ᠳᠠᠭᠠᠭᠤᠯᠬᠤ ᠵᠢᠴᠢ ︽ᠤᠯᠠᠮᠵᠢᠯᠠᠬᠤ ᠬᠠᠪᠰᠤᠷᠬᠤ ᠳᠠᠭᠠᠭᠤᠯᠬᠤ︾ ᠦᠢᠯᠡᠳᠦᠯ ᠢ ᠴᠢᠷᠮᠠᠶᠢᠨ ᠪᠠᠳᠠᠷᠠᠭᠤᠯᠵᠤ᠂ ᠥᠷᠭᠡᠨ ᠤᠯᠠᠨ ᠵᠠᠯᠠᠭᠤ ᠨᠠᠮ ᠤᠨ ᠭᠡᠰᠢᠭᠦᠨ ᠢ ᠬᠥᠲᠥᠯᠥᠨ ᠵᠢᠯᠤᠭᠤᠳᠴᠤ ᠪᠠᠶᠢᠭᠠᠳ ︽ᠪᠤᠤᠬᠢᠶ᠎ᠠ ᠮᠣᠳᠣ︾ ᠶᠢ ᠰᠠᠶᠢᠲᠤᠷ ᠲᠤᠰᠴᠤ᠂ ︽ᠡᠭᠦᠷᠭᠡᠲᠦ ᠲᠤᠭ︾ ᠢ ᠡᠷᠭᠦᠵᠦ᠂ ᠡᠷᠡᠮᠡᠬᠡᠶᠢᠯᠡᠨ ᠲᠡᠮᠡᠴᠡᠬᠦ᠂ ᠦᠨᠡᠨᠴᠢ ᠰᠢᠳᠤᠷᠭᠤ ᠪᠠᠷ ᠵᠢᠳᠬᠦᠬᠦ ᠪᠣᠳᠠᠲᠤ ᠠᠵᠢᠯᠯᠠᠭ᠎ᠠ ᠪᠠᠷ ᠢᠶᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠴᠢᠨᠠᠷ ᠰᠠᠶᠢᠲᠠᠢ ᠪᠦᠲᠦᠭᠡᠨ ᠪᠠᠶᠢᠭᠤᠯᠤᠯᠲᠠ ᠶᠢᠨ ᠵᠣᠯ ᠵᠢᠷᠭᠠᠯ ᠬᠠᠷᠠᠭᠤᠯ ᠪᠠᠯᠭᠠᠰᠤ ᠶᠢ  ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠭᠦᠯᠦᠨ᠎ᠡ︕
     ᠢᠷᠡᠯᠲᠡ᠄ ᠬᠠᠷᠠᠭᠤᠯ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠤ ᠨᠠᠶᠢᠲᠡ ᠶᠢᠨ ᠳ᠋ᠤᠭᠠᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号