ᠠᠭᠠᠬᠢᠮ᠎ᠠ ᠬᠠᠯᠠᠭᠤᠨ ᠦᠷᠬᠦᠯᠵᠢᠯᠡᠨ᠎ᠡ
ᠨᠡᠶᠢᠲᠡᠯᠡᠭᠰᠡᠨ ᠴᠠᠭ᠄
2023/7/4
     ᠰᠠᠶᠢᠨ ᠪᠠᠶᠢᠨ᠎ᠠ ᠤᠤ︖ ᠲᠦᠪ ᠤᠨ ᠷᠠᠳᠢᠤ᠋ ᠲᠧᠯᠸᠢᠰ ᠤᠨ ᠶᠡᠷᠦᠩᠬᠡᠢ ᠬᠤᠷᠢᠶᠠᠨ ᠤ ᠦᠨᠳᠦᠰᠦᠲᠡᠨ ᠤ ᠬᠡᠯᠡᠨ ᠤ ᠫᠷᠤᠭ᠍ᠷᠠᠮ ᠤᠨ ᠲᠥᠪ ᠤᠨ ᠮᠤᠩᠭᠤᠯ ᠬᠡᠯᠡᠨ ᠤ ᠸᠢᠴᠠᠲ ᠲᠠᠪᠴᠠᠩ ᠳᠤ ᠮᠤᠷᠢᠯᠠᠨ ᠰᠠᠭᠠᠳᠠᠭᠰᠠᠨ ᠡᠷᠬᠢᠮ ᠰᠦᠯᠵᠢᠶ᠎ᠠ ᠠᠰᠢᠭᠯᠠᠭᠴᠢᠳ ᠲᠠᠭᠠᠨ ᠡᠨᠡ ᠡᠳᠤᠷ ᠤᠨ ᠬᠠᠯᠠᠭᠤᠨ ᠮᠠᠨᠳᠤ ᠶᠢ ᠬᠦᠷᠭᠡᠨ ᠵᠤᠯᠭᠠᠵᠤ ᠪᠠᠶᠢᠨ᠎ᠠ᠃      ᠤᠶᠢᠷ᠎ᠠ ᠳᠤ ᠪᠦᠬᠦ ᠤᠯᠤᠰ ᠤᠨ ᠡᠯ᠎ᠡ ᠭᠠᠵᠠᠷ ᠲᠤ ᠠᠭᠠᠬᠢᠮ᠎ᠠ ᠬᠠᠯᠠᠭᠤᠨ ᠠᠭᠤᠷ ᠠᠮᠢᠰᠬᠤᠯ ᠦᠷᠬᠦᠯᠵᠢᠯᠡᠵᠦ ᠂ ᠬᠦᠮᠦᠰ ᠤᠨ ᠠᠵᠢᠯ ᠠᠮᠢᠳᠤᠷᠠᠯ ᠳᠤ ᠶᠡᠬᠡᠬᠡᠨ ᠨᠦᠯᠦᠬᠡ ᠪᠤᠯᠤᠭᠰᠠᠨ ᠪᠠᠶᠢᠨ᠎ᠠ᠃ ᠲᠦᠪ ᠤᠨ ᠴᠠᠭ ᠠᠭᠤᠷ ᠤᠨ ᠰᠢᠨᠵᠢᠯᠡᠭᠡᠨ ᠤ ᠰᠲ᠋ᠠᠨᠼ ᠦᠨᠦᠳᠦᠷ ᠦᠷᠬᠦᠯᠵᠢᠯᠡᠨ ᠠᠭᠠᠬᠢᠮ᠎ᠠ ᠬᠠᠯᠠᠭᠤᠨ ᠠᠭᠤᠷ ᠠᠮᠢᠰᠬᠤᠯ ᠠᠴᠠ ᠰᠡᠷᠡᠮᠵᠢᠯᠡᠬᠦᠯᠬᠦ ᠰᠢᠷ᠎ᠠ ᠦᠩᠬᠡ ᠶᠢᠨ ᠰᠡᠷᠡᠮᠵᠢ ᠨᠡᠶᠢᠳᠡᠯᠡᠭᠰᠡᠨ ᠪᠠᠶᠢᠨ᠎ᠠ᠂ ᠵᠢᠱᠢᠵᠤ ᠪᠠᠶᠢᠬᠤ ᠪᠠᠷ 7 ᠳ᠋ᠤᠭᠠᠷ ᠰᠠᠷ᠎ᠠ ᠶᠢᠨ 2 ᠤᠨ ᠡᠳᠤᠷ ᠪᠡᠭᠡᠵᠢᠩ᠂ ᠲᠢᠶᠠᠨᠵᠢᠨ᠂ ᠡᠾᠧᠪᠸᠢ᠂ ᠡᠾᠧᠨᠠᠨ ᠤ ᠬᠤᠶᠢᠳᠤ ᠪᠡᠶ᠎ᠡ᠂ ᠱᠠᠨᠳᠦ᠋ᠩ ᠤᠨ ᠪᠠᠷᠠᠭᠤᠨ ᠪᠡᠶ᠎ᠡ᠂ ᠦᠪᠦᠷ ᠮᠤᠩᠭᠤᠯ ᠤᠨ ᠵᠡᠬᠦᠨ ᠡᠮᠦᠨ᠎ᠡ ᠪᠡᠶ᠎ᠡ᠂ ᠯᠢᠶᠤᠤᠨᠢᠩ ᠤᠨ ᠪᠠᠷᠠᠭᠤᠨ ᠪᠡᠶ᠎ᠡ ᠪᠠ ᠬᠤᠪᠸᠢ ᠶᠢᠨ ᠡᠮᠦᠨ᠎ᠡ ᠪᠡᠶ᠎ᠡ᠂ ᠬᠤᠨᠠᠨ ᠤ ᠲᠤᠮᠳᠡ ᠵᠡᠬᠦᠨ ᠪᠡᠶ᠎ᠡ᠂ ᠵᠢᠶᠠᠩᠰᠢ᠂ ᠭᠤᠸᠠᠩᠰᠢ᠂ ᠭᠤᠸᠠᠩᠳᠦ᠋ᠩ ᠤᠨ ᠪᠠᠷᠠᠭᠤᠨ ᠬᠤᠶᠢᠳᠤ ᠪᠡᠶ᠎ᠡ᠂ ᠹᠦᠵᠢᠶᠠᠨ ᠤ ᠬᠤᠶᠢᠳᠤ ᠪᠡᠶ᠎ᠡ ᠵᠡᠷᠭᠡ ᠭᠠᠵᠠᠷ ᠤᠳ ᠤᠨ ᠠᠭᠠᠷ ᠤᠨ ᠲᠤᠯᠭᠠᠨ 35℃ ᠢ ᠳᠠᠪᠠᠵᠤ᠂ ᠡᠬᠦᠨ ᠳᠤ ᠪᠡᠭᠡᠵᠢᠩ᠂ ᠲᠢᠶᠠᠨᠵᠢᠨ ᠤ ᠬᠤᠶᠢᠳᠤ ᠪᠡᠶ᠎ᠡ᠂ ᠡᠾᠧᠪᠸᠢ᠂ ᠡᠾᠧᠨᠠᠨ ᠤ ᠬᠤᠶᠢᠳᠤ ᠪᠡᠶ᠎ᠡ᠂ ᠯᠢᠶᠤᠤᠨᠢᠩ ᠤᠨ ᠪᠠᠷᠠᠭᠤᠨ ᠪᠡᠶ᠎ᠡ ᠤᠨ ᠵᠠᠷᠢᠮ ᠨᠤᠳᠤᠭ ᠤᠨ ᠠᠭᠠᠷ ᠤᠨ ᠲᠤᠯᠠᠭᠠᠨ ᠬᠠᠮᠤᠭ ᠤᠨ ᠦᠨᠳᠦᠷ ᠲᠡᠭᠡᠨ 37℃ ᠠᠴᠠ 39℃ ᠲᠤ ᠬᠦᠷᠬᠦ ᠶᠤᠮ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号