ᠬᠠᠷᠠᠭᠤᠯ ᠪᠠᠯᠭᠠᠰᠤ 2023 ᠣᠨ ᠤ ᠠᠷᠪᠠᠨ ᠵᠢᠷᠭᠤᠳᠤᠭᠠᠷ ᠤᠳᠠᠭ᠎ᠠ ᠶᠢᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/5
      7 ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ ᠬᠠᠷᠠᠭᠤᠯ ᠪᠠᠯᠭᠠᠰᠤ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ᠂ ᠪᠥᠬᠦ ᠤᠳᠤᠷᠢᠳᠬᠤ ᠪᠠᠭ ᠤᠨ ᠪᠦᠷᠢᠯᠳᠦᠭᠦᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠵᠤ᠂ ᠪᠠᠯᠭᠠᠰᠤᠨ ᠤ ᠬᠡᠰᠡᠭ ᠵᠠᠯᠠᠭᠤ ᠺᠠᠳ᠋ᠷᠴᠤᠳ ᠬᠤᠷᠠᠯ ᠳᠤ ᠰᠤᠯᠠ ᠣᠷᠣᠯᠴᠠᠪᠠ᠃ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠶᠦᠩ ᠴᠢᠩ ᠡᠷᠭᠢᠯᠡᠵᠡᠶ᠃
     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠡᠵᠡᠮᠳᠡᠵᠦ᠂ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠬᠤ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠰᠢᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤᠮᠳᠠᠳᠤ ᠶᠢᠨ ᠵᠡᠭᠦᠳᠦ ᠶᠢ ᠪᠦᠬᠦ ᠲᠠᠯ᠎ᠠ ᠪᠠᠷ ᠠᠬᠢᠭᠤᠯᠬᠤ ᠰᠢᠨ᠎ᠡ ᠠᠶᠠᠨ ᠳᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾  ᠶᠢ ᠣᠨᠢᠯᠠᠨ ᠲᠣᠭᠲᠠᠭᠠᠵᠤ᠂ ᠦᠨᠳᠦᠰᠦᠲᠡᠨ ᠤ ᠪᠦᠯᠬᠦᠮᠳᠡᠯ ᠪᠣᠯᠣᠨ ᠬᠢᠯᠢ ᠬᠢᠵᠠᠭᠠᠷ ᠤᠨ ᠲᠣᠭᠲᠠᠭᠤᠨ ᠢ ᠬᠠᠮᠠᠭᠠᠯᠠᠬᠤ ᠴᠢᠬᠤᠯᠠ ᠶᠡᠭᠡ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ ᠰᠠᠶᠢᠲᠤᠷ ᠭᠦᠢᠴᠡᠳᠬᠡᠬᠦ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂  ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠨᠢ ᠶᠡᠭᠡ ᠲᠠᠯ᠎ᠠ ᠳᠤ ᠬᠤᠯᠪᠣᠭᠳᠠᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠳᠤ ᠬᠤᠯᠪᠣᠭᠳᠠᠵᠤ᠂ ᠠᠵᠤ ᠠᠬᠤᠢ ᠶᠢᠨ ᠬᠥᠭᠵᠢᠯᠲᠡ ᠪᠠ ᠨᠡᠶᠢᠭᠡᠮ ᠤᠨ ᠲᠣᠭᠲᠠᠭᠤᠨ ᠪᠠᠶᠢᠳᠠᠯ ᠳᠤ ᠬᠤᠯᠪᠣᠭᠳᠠᠵᠤ ᠪᠠᠶᠢᠳᠠᠭ᠃ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ︽ᠠᠮᠢ ᠨᠠᠰᠤ ᠶᠢ ᠳᠡᠭᠡᠳᠦᠯᠡᠵᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠦᠵᠡᠯ ᠰᠠᠨᠠᠭ᠎ᠠ ᠶᠢ ᠪᠠᠳᠠᠷᠠᠭᠤᠯᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠢ᠃ ᠨᠢᠭᠡ ᠳᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢᠨ ᠳᠦᠷᠢᠮ ᠪᠠ ᠦᠶᠡᠷ ᠢ ᠰᠡᠷᠭᠡᠶᠢᠯᠡᠬᠦ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠬᠤᠶᠠᠷ ᠲᠤ ᠦᠶᠡᠷ ᠠᠴᠠ ᠡᠮᠦᠨᠡᠬᠢ ᠪᠡᠯᠡᠳᠬᠡᠯ ᠢ ᠰᠠᠶᠢᠲᠤᠷ ᠠᠳᠬᠤᠵᠤ ᠂ ᠪᠡᠯᠡᠳᠬᠡᠯ ᠲᠥᠰᠥᠯ ᠢ ᠴᠠᠭ ᠲᠤᠬᠠᠢ ᠳᠤᠨᠢ ᠵᠠᠰᠠᠨ ᠲᠡᠭᠦᠯᠳᠡᠷᠵᠢᠭᠦᠯᠵᠦ᠂ ᠠᠶᠤᠯᠭᠦᠢ ᠶᠢᠨ ᠪᠡᠯᠡᠳᠬᠡᠯ ᠲᠥᠰᠥᠯ ᠤᠨ ᠪᠣᠯᠣᠮᠵᠢᠲᠤ ᠴᠢᠨᠠᠷ ᠢ ᠦᠷᠭᠦᠯᠵᠢᠯᠡᠨ ᠭᠦᠨᠵᠡᠭᠡᠢ ᠵᠠᠳᠠᠯᠵᠤ᠂ ᠰᠢᠷᠦᠭᠦᠨ ᠪᠣᠷᠣᠭᠠᠨ ᠢ ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢᠨ ᠬᠠᠮᠲᠤ ᠠᠶᠤᠯ ᠠᠴᠠ ᠠᠪᠤᠷᠠᠬᠤ ᠡᠳ᠋ ᠪᠣᠳᠠᠰ ᠤᠨ ᠨᠥᠭᠡᠴᠡᠯᠡᠯᠲᠡ ᠶᠢ ᠰᠠᠶᠢᠲᠤᠷ ᠬᠢᠬᠦ ᠬᠡᠷᠡᠭᠲᠡᠢ᠃ ᠭᠤᠷᠪᠠ ᠳᠤ ᠭᠤᠣᠯᠳᠠᠯᠭ᠎ᠠ ᠲᠠᠢ ᠰᠡᠷᠭᠡᠶᠢᠯᠡᠯᠲᠡ ᠶᠢ ᠰᠠᠶᠢᠲᠤᠷ ᠠᠳᠬᠤᠵᠤ᠂ ᠭᠤᠣᠯ ᠤᠨ ᠳᠠᠷᠤᠭ᠎ᠠ ᠶᠢᠨ ᠳᠦᠷᠢᠮ ᠢ ᠴᠢᠩᠭ᠎ᠠ ᠬᠡᠷᠡᠭᠵᠢᠭᠦᠯᠦᠨ ᠨᠠᠶᠢᠳᠠᠪᠤᠷᠢᠵᠢᠭᠤᠯᠵᠤ᠂ ᠲᠣᠭᠲᠠᠭᠰᠠᠨ ᠴᠠᠭ ᠲᠤ ᠭᠤᠣᠯ ᠤᠨ ᠵᠠᠮ ᠢᠶᠠᠷ ᠲᠣᠭᠤᠷᠢᠨ ᠪᠠᠶᠢᠴᠠᠭᠠᠨ᠎ᠠ᠃ ᠳᠥᠷᠪᠡ ᠳᠤ ᠬᠠᠷᠢᠶ᠎ᠠ ᠣᠷᠣᠨ ᠤ ᠳᠣᠲᠣᠷᠠᠬᠢ ᠥᠪᠡᠰᠦᠪᠡᠨ ᠪᠠᠷᠢᠭᠰᠠᠨ ᠨᠤᠷᠠᠬᠤ ᠠᠶᠤᠯᠲᠠᠢ ᠭᠡᠷ ᠪᠠᠶᠢᠰᠢᠩ ᠢ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠡᠬᠡ ᠲᠠᠩᠰᠠ ᠪᠠᠶᠢᠭᠤᠯᠵᠤ᠂ ᠲᠤᠰᠬᠠᠢ ᠬᠥᠮᠥᠨ ᠲᠣᠬᠢᠷᠠᠭᠤᠯᠤᠨ ᠵᠢᠵᠢᠭᠦᠷᠯᠡᠭᠦᠯᠦᠨ᠎ᠡ᠃ ᠲᠠᠪᠤ ᠳᠤ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠳᠠᠯᠠᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠡᠯ᠎ᠡ ᠵᠦᠢᠯ ᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠵᠠᠷᠯᠢᠭ ᠴᠠᠭᠠᠵᠠ ᠶᠢ ᠲᠠᠭᠠᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠮᠡᠳᠡᠭᠡ ᠵᠠᠩᠭᠢ ᠶᠢᠨ ᠮᠡᠳᠡᠭᠦᠯᠦᠯᠲᠡ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠦᠶᠡᠷ ᠤᠨ ᠬᠤᠭᠤᠴᠠᠭᠠᠨ ᠳᠤ 24 ᠴᠠᠭ ᠢᠶᠠᠷ ᠵᠢᠵᠢᠭᠦᠷᠯᠡᠨ ᠰᠠᠬᠢᠬᠤ ᠳᠦᠷᠢᠮ ᠢ ᠨᠠᠶᠢᠳᠠᠪᠤᠷᠢᠵᠢᠭᠤᠯᠤᠨ᠎ᠠ᠃ ᠵᠢᠷᠭᠤᠭ᠎ᠠ ᠳᠤ ᠭᠤᠣᠯᠳᠠᠯᠭ᠎ᠠ ᠲᠠᠢ ᠣᠷᠣᠨ ᠪᠦᠰᠡ ᠳᠤ ᠴᠢᠭᠯᠡᠭᠦᠯᠦᠨ ᠵᠢᠭᠰᠠᠭᠠᠨ ᠪᠠᠶᠢᠴᠠᠭᠠᠯᠲᠠ ᠥᠷᠨᠢᠭᠦᠯᠵᠦ᠂ ᠬᠤᠲᠣᠭᠤᠷ ᠭᠠᠵᠠᠷ ᠤᠨ ᠪᠦᠰᠡ᠂ ᠨᠡᠭᠦᠯᠭᠡᠭᠡᠳᠦᠢ ᠣᠷᠣᠨ ᠪᠦᠰᠡ ᠶᠢᠨ ᠨᠤᠷᠠᠬᠤ ᠠᠶᠤᠯᠲᠠᠢ ᠭᠡᠷ ᠪᠠᠶᠢᠰᠢᠩ᠂ ᠭᠠᠵᠠᠷ ᠤᠨ ᠭᠠᠢ ᠭᠠᠮᠰᠢᠭ ᠠᠮᠠᠷᠬᠠᠨ ᠡᠭᠦᠰᠳᠡᠭ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠢᠶᠠᠷ ᠢᠶᠠᠨ ᠠᠷᠭ᠎ᠠ ᠪᠣᠳᠣᠯᠭ᠎ᠠ ᠠᠪᠴᠤ ᠣᠯᠠᠨ ᠢᠶᠠᠷ ᠢᠶᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠢᠨᠵᠧᠨᠧᠷᠢᠩ ᠤᠨ ᠠᠶᠤᠯ ᠢ ᠠᠷᠢᠯᠭᠠᠨ ᠪᠠᠬᠢᠵᠢᠭᠦᠯᠬᠦ ᠶᠢ ᠴᠢᠩᠭᠠᠳᠬᠠᠬᠤ ᠬᠡᠷᠡᠭᠲᠡᠢ᠃ ᠲᠤᠯᠤᠭ᠎ᠠ ᠳᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠡᠯ᠎ᠡ ᠵᠦᠢᠯ ᠤᠨ ᠬᠡᠯᠪᠡᠷᠢ ᠶᠢ ᠠᠰᠢᠭᠯᠠᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠡᠷᠦ ᠶᠢᠨ ᠮᠡᠳᠡᠯᠭᠡ ᠶᠢ ᠶᠡᠬᠡᠪᠡᠷ ᠤᠬᠠᠭᠤᠯᠵᠤ᠂ ᠦᠶᠡᠷ ᠲᠠᠢ ᠲᠡᠮᠡᠴᠡᠵᠦ ᠠᠶᠤᠯ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠤᠬᠠᠭᠤᠯᠵᠤ᠂ ᠪᠦᠬᠦ ᠨᠡᠶᠢᠭᠡᠮ ᠢᠶᠠᠷ ᠢᠶᠠᠨ ᠦᠶᠡᠷ ᠢ ᠰᠡᠷᠭᠡᠶᠢᠯᠡᠬᠦ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠬᠦ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠳᠤ ᠢᠳᠡᠪᠬᠢᠲᠡᠢ ᠣᠷᠣᠯᠴᠠᠬᠤ ᠤᠬᠠᠮᠰᠠᠷᠲᠤ ᠴᠢᠨᠠᠷ ᠢ ᠨᠡᠮᠡᠭᠳᠡᠭᠦᠯᠵᠦ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠪᠦᠬᠦ ᠠᠷᠠᠳ ᠤᠨ ᠤᠬᠠᠮᠰᠠᠷᠲᠤ ᠠᠵᠢᠯᠯᠠᠭ᠎ᠠ ᠪᠠ ᠬᠠᠮᠲᠤ ᠶᠢᠨ ᠡᠭᠦᠷᠭᠡ ᠬᠠᠷᠢᠭᠤᠴᠠᠯᠭ᠎ᠠ ᠪᠣᠯᠭᠠᠨ᠎ᠠ᠃      ᠬᠤᠷᠠᠯ ᠠᠴᠠ ᠱᠠᠭᠠᠷᠳᠠᠭᠰᠠᠨ ᠨᠢ᠂ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠬᠤ ᠪᠠᠶᠢᠴᠠᠭᠠᠯᠲᠠ ᠶᠢᠨ ᠠᠵᠢᠯ ᠢ ᠦᠷᠭᠦᠯᠵᠢᠯᠡᠨ ᠥᠷᠨᠢᠭᠦᠯᠬᠦ ᠬᠡᠷᠡᠭᠲᠡᠢ᠃ ᠦᠨᠡᠨ ᠠᠴᠠ ᠵᠥᠪ ᠢ ᠡᠷᠢᠬᠦ ᠵᠠᠷᠴᠢᠮ ᠢ ᠪᠠᠷᠢᠮᠲᠠᠯᠠᠵᠤ᠂ ᠤᠯᠠᠨ ᠲᠦᠮᠡᠨ ᠤ ᠪᠣᠳᠠᠲᠠᠢ ᠪᠠᠶᠢᠳᠠᠯ ᠢ ᠭᠦᠨᠵᠡᠭᠡᠢ ᠣᠶᠢᠯᠠᠭᠠᠵᠤ᠂ ᠠᠵᠢᠯ ᠤᠨ ᠬᠠᠷᠢᠭᠤᠴᠠᠯᠭ᠎ᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠤᠨ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠡᠷᠦᠬᠡ ᠶᠢᠨ ᠵᠣᠷᠯᠣᠩ ᠢ ᠲᠣᠰᠬᠤᠨ ᠤ ᠠᠷᠠᠳ ᠤᠨ ᠡᠳᠦᠷ ᠲᠤᠳᠤᠮ ᠤᠨ ᠬᠡᠷᠡᠭᠯᠡᠭᠡ ᠶᠢ ᠬᠠᠩᠭᠠᠵᠤ ᠳᠡᠶᠢᠯᠬᠦ ᠶᠢ ᠪᠠᠲᠤᠯᠠᠵᠤ᠂ ᠵᠣᠷᠯᠣᠩ ᠤᠨ ᠥᠭᠡᠷᠡᠴᠢᠯᠡᠯᠲᠡ ᠶᠢᠨ ᠰᠡᠭᠦᠯᠴᠢ ᠶᠢᠨ ᠬᠤᠭᠤᠴᠠᠭᠠᠨ ᠤ ᠪᠠᠶᠢᠴᠠᠭᠠᠨ ᠵᠠᠰᠠᠬᠤ᠂  ᠢᠯᠭᠠᠳᠠᠰᠤ ᠶᠢ ᠴᠡᠪᠡᠷᠯᠡᠨ ᠵᠥᠭᠡᠭᠡᠪᠦᠷᠢᠯᠡᠬᠦ ᠵᠡᠷᠭᠡ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠢ ᠥᠭᠡᠷᠡᠴᠢᠯᠡᠨ ᠳᠡᠭᠡᠭᠰᠢᠯᠡᠭᠦᠯᠬᠦ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠠᠷᠢᠭᠤᠨ ᠴᠡᠪᠡᠷ ᠢ ᠬᠠᠮᠠᠭᠠᠯᠠᠬᠤ ᠪᠠᠶᠢᠩᠭᠤ ᠶᠢᠨ ᠲᠣᠭᠲᠠᠴᠠ ᠶᠢ ᠪᠠᠶᠢᠭᠤᠯᠵᠤ᠂ ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠭᠦᠨ᠂ ᠰᠦᠯᠵᠢᠶᠡᠨ ᠤ ᠠᠵᠢᠯᠲᠠᠨ ᠢ ᠲᠣᠬᠢᠷᠠᠭᠤᠯᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠢᠳᠡᠪᠬᠢᠲᠡᠢ ᠥᠷᠨᠢᠭᠦᠯᠵᠦ᠂ ᠬᠠᠷᠠᠯᠲᠠ ᠶᠢ ᠲᠣᠰᠬᠤᠨ ᠳᠤ ᠬᠦᠷᠲᠡᠯᠡᠬᠢ᠂ ᠵᠠᠰᠠᠯᠲᠠ ᠶᠢ ᠡᠷᠦᠬᠡ ᠳᠤ ᠬᠦᠷᠲᠡᠯᠡᠬᠢ᠂ ᠡᠭᠦᠷᠭᠡ ᠶᠢ ᠬᠥᠮᠥᠨ ᠳᠤ ᠬᠦᠷᠲᠡᠯᠡᠬᠢ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠵᠤ᠂ ᠬᠤᠭ ᠨᠣᠪᠰᠢ ᠣᠪᠣᠭᠠᠯᠠᠬᠤ ᠭᠠᠵᠠᠷ᠂ ᠤᠰᠤᠨ ᠰᠤᠪᠠᠭ᠂ ᠠᠶᠢᠯ ᠲᠣᠰᠬᠤᠨ ᠤ ᠵᠠᠮ ᠳᠠᠭᠠᠤ ᠶᠢᠨ ᠬᠤᠭ ᠨᠣᠪᠰᠢ ᠶᠢ ᠴᠡᠪᠡᠷᠯᠡᠬᠦ ᠬᠡᠷᠡᠭᠲᠡᠢ︔ ᠠᠮᠢᠳᠤᠷᠠᠯ ᠤᠨ ᠬᠤᠭ ᠨᠣᠪᠰᠢ ᠶᠢ ᠬᠠᠳᠠᠭᠠᠯᠠᠬᠤ ᠲᠣᠬᠢᠷᠠᠮᠵᠢᠲᠠᠢ ᠭᠠᠵᠠᠷ ᠢ ᠲᠥᠯᠥᠪᠵᠢᠭᠦᠯᠦᠨ ᠪᠠᠶᠢᠷᠢᠯᠠᠭᠤᠯᠬᠤ ᠶᠢᠨ ᠬᠠᠮᠲᠤ ᠲᠤᠰᠬᠠᠢ ᠬᠥᠮᠥᠨ ᠢ ᠵᠣᠬᠢᠶᠠᠨ ᠪᠠᠶᠢᠭᠤᠯᠤᠨ ᠬᠠᠮᠢᠶᠠᠷᠤᠭᠤᠯᠵᠤ᠂ ᠴᠠᠭ ᠲᠤᠬᠠᠢ ᠳᠤᠨᠢ ᠴᠡᠪᠡᠷᠯᠡᠨ ᠲᠡᠭᠡᠭᠡᠪᠦᠷᠢᠯᠡᠵᠦ᠂ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠳᠤ ᠰᠢᠨ᠎ᠡ ᠬᠠᠭᠤᠳᠠᠰᠤ ᠶᠢ ᠵᠢᠷᠤᠵᠤ ᠥᠭᠬᠦ ᠪᠠᠷ ᠴᠢᠷᠮᠠᠶᠢᠨ᠎ᠠ᠃      ᠢᠷᠡᠯᠲᠡ᠄ ᠬᠠᠷᠠᠭᠤᠯ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠤ ᠨᠠᠶᠢᠲᠡ ᠶᠢᠨ ᠳ᠋ᠤᠭᠠᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号