ᠬᠠᠳᠠ ᠮᠠᠨ ᠤ ᠰᠢᠶᠠᠨ ᠤ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠬᠦᠷᠢᠶᠡᠯᠡᠩ ᠲᠣᠭᠤᠷᠢᠭ ᠢ ᠰᠢᠮᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2023/7/5
      7 ᠰᠠᠷ᠎ᠠ ᠶᠢᠨ 1 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠮᠠᠨ ᠤ ᠰᠢᠶᠠᠨ ᠤ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠬᠦᠷᠢᠶᠡᠯᠡᠩ ᠲᠣᠭᠤᠷᠢᠭ ᠵᠢᠴᠢ ᠭᠤᠣᠯᠳᠠᠯᠭ᠎ᠠ ᠲᠠᠢ ᠠᠵᠤ ᠠᠬᠤᠶᠢᠯᠠᠯ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠰᠢᠮᠳᠠᠭᠤᠯᠤᠨ ᠵᠢᠯᠤᠭᠤᠳᠴᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠶᠠᠷᠢᠯᠴᠠᠬᠤ ᠬᠤᠷᠠᠯ ᠳᠤ ᠣᠷᠣᠯᠴᠠᠪᠠ᠃      ᠬᠠᠳᠠ ᠨᠠᠷ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠵᠦ᠂ ᠬᠦᠷᠢᠶᠡᠯᠡᠩ ᠲᠣᠭᠤᠷᠢᠭ ᠤᠨ ᠳᠣᠲᠣᠨ᠎ᠠ ᠭᠠᠳᠠᠨ᠎ᠠ᠂ ᠵᠡᠭᠡᠯᠢ ᠳᠠᠭᠠᠤ ᠵᠡᠭᠡᠯᠢ ᠭᠤᠳᠤᠮᠵᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠠᠷᠢᠭᠤᠨ ᠴᠡᠪᠡᠷ᠂ ᠨᠣᠭᠤᠭᠠᠷᠠᠭᠤᠯᠤᠯᠲᠠ ᠭᠡᠷᠡᠯᠲᠦᠭᠦᠯᠭᠡ᠂ ᠵᠠᠮ ᠤᠨ ᠭᠠᠳᠠᠷᠭᠤ ᠶᠢ ᠰᠡᠯᠪᠢᠨ ᠵᠠᠰᠠᠬᠤ᠂ ᠲᠡᠷᠭᠡ ᠤᠨᠤᠭ᠎ᠠ ᠵᠣᠭᠰᠤᠭᠠᠬᠤ ᠵᠡᠷᠭᠡ ᠭᠤᠣᠯᠳᠠᠯᠭ᠎ᠠ ᠲᠠᠢ ᠠᠵᠢᠯ ᠳᠤ ᠵᠢᠯᠤᠭᠤᠳᠬᠤ ᠰᠠᠨᠠᠯ ᠪᠠ ᠪᠣᠳᠠᠲᠠᠢ ᠱᠠᠭᠠᠷᠳᠠᠯᠭ᠎ᠠ ᠳᠤᠷᠠᠳᠴᠠᠢ᠃ ᠳᠠᠷᠠᠭ᠎ᠠ ᠨᠢ᠂ ᠬᠠᠳᠠ ᠥᠪᠥᠷ ᠮᠣᠩᠭᠤᠯ ᠤᠨ ᠵᠦᠩ ᠵᠢᠶᠠᠨ ᠪᠦᠦ ᠮᠣᠩᠭᠤᠯ ᠬᠤᠨᠴᠢᠷ ᠡᠮ ᠤᠨ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ  ᠵᠢᠶᠧ ᠲᠠᠢ ᠨᠦᠸᠧ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠭᠠᠵᠠᠷ ᠲᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠪᠣᠯᠪᠠᠰᠤᠷᠠᠭᠤᠯᠤᠯᠲᠠ᠂ ᠪᠦᠲᠦᠭᠡᠭᠳᠡᠬᠦᠨ ᠤ ᠰᠤᠳᠤᠯᠤᠨ ᠨᠡᠭᠡᠭᠡᠯᠲᠡ ᠵᠡᠷᠭᠡ ᠬᠥᠭᠵᠢᠯᠲᠡ ᠶᠢᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠵᠤ᠂ ᠲᠤᠬᠠᠢ ᠶᠢᠨ ᠲᠠᠯᠠᠪᠠᠢ ᠳᠤ ᠥᠭᠡᠷᠡᠴᠢᠯᠡᠨ ᠰᠠᠶᠢᠵᠢᠷᠠᠭᠤᠯᠬᠤ ᠰᠠᠨᠠᠭᠤᠯᠭ᠎ᠠ ᠥᠭᠴᠡᠢ᠃      ᠪᠠᠶᠢᠴᠠᠭᠠᠨ ᠰᠤᠳᠤᠯᠤᠯᠲᠠ ᠬᠢᠭᠰᠡᠨ ᠤ ᠳᠠᠷᠠᠭ᠎ᠠ ᠬᠠᠳᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠶᠠᠷᠢᠯᠴᠠᠵᠤ᠂ ᠰᠢᠮᠳᠠᠭᠤᠯᠤᠨ ᠵᠢᠯᠤᠭᠤᠳᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠤᠨ ᠬᠦᠷᠦᠯᠴᠡᠬᠦ ᠦᠭᠡᠢ ᠲᠠᠯ᠎ᠠ ᠶᠢ ᠡᠮᠬᠢᠯᠡᠨ ᠳ᠋ᠦᠩᠨᠡᠵᠦ᠂ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号