ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠨᠠᠮ ᠤᠨ ᠶᠡᠷᠦᠩᠬᠡᠶ ᠡᠭᠦᠷ ᠤᠨ ᠵᠦᠪᠯᠡᠯ ᠵᠢᠨᠢᠩ ᠤᠨ ᠳᠠᠶᠢᠯᠠᠯᠳᠤᠭᠠᠨ ᠤ ᠳᠤᠷᠠᠰᠬᠠᠯ ᠤᠨ ᠣᠷᠳᠣᠨ ᠳᠤ ᠬᠦᠷᠴᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/7/5
      7 ᠰᠠᠷ᠎ᠠ ᠶᠢᠨ 2  ᠤᠨ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠶᠡᠷᠦᠩᠬᠡᠶ ᠡᠭᠦᠷ ᠤᠨ ᠵᠦᠪᠯᠡᠯ ᠪᠦᠬᠦ ᠨᠠᠮ ᠤᠨ ᠭᠡᠰᠢᠭᠦᠳ ᠢ ᠵᠣᠬᠢᠶᠠᠨ ᠪᠠᠶᠢᠭᠤᠯᠵᠤ ᠵᠢᠨᠢᠩ ᠤᠨ ᠳᠠᠶᠢᠯᠠᠯᠳᠤᠭᠠᠨ ᠤ ᠳᠤᠷᠠᠰᠬᠠᠯ ᠤᠨ ᠣᠷᠳᠣᠨ ᠳᠤ ᠬᠦᠷᠴᠦ ᠂ ︽ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮᠵᠢᠯᠠᠶ᠎ᠠ︾ ᠭᠡᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃
     ᠲᠣᠭᠤᠷᠢᠨ ᠦᠵᠡᠬᠦ ᠶᠠᠪᠤᠴᠠ ᠳᠤ᠂ ᠨᠠᠮ ᠤᠨ ᠭᠡᠰᠢᠭᠦᠨ ᠺᠠᠳ᠋ᠷᠴᠤᠳ ᠲᠠᠶᠢᠯᠪᠤᠷᠢᠯᠠᠭᠴᠢ ᠶᠢᠨ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠴᠤ᠂ ᠣᠷᠳᠣᠨ ᠤ ᠦᠵᠡᠭᠳᠡᠯ ᠨᠢᠭᠡᠪᠦᠷᠢ ᠶᠢ ᠰᠣᠨᠢᠷᠬᠠᠵᠤ᠂ ︽ᠵᠢᠨᠢᠩ ᠤᠨ ᠭᠤᠷᠪᠠ ᠤᠳᠠᠭᠠᠨ ᠤ ᠳᠠᠶᠢᠯᠠᠯᠳᠤᠭᠠᠨ︾  ᠤ ᠲᠤᠬᠠᠢ ᠭᠦᠨᠵᠡᠭᠡᠢ ᠣᠶᠢᠯᠠᠭᠠᠯᠲᠠ ᠲᠠᠢ ᠪᠣᠯᠵᠠᠢ᠃ ᠵᠢᠨᠢᠩ ᠤᠨ ᠳᠠᠶᠢᠯᠠᠯᠳᠤᠭᠠᠨ ᠤ ᠬᠤᠭᠤᠴᠠᠭᠠᠨ ᠳᠠᠬᠢ ᠭᠠᠶᠢᠬᠠᠮᠰᠢᠭᠲᠤ ᠣᠨ ᠰᠠᠷ᠎ᠠ ᠶᠢ ᠲᠡᠮᠳᠡᠭᠯᠡᠭᠰᠡᠨ ᠵᠢᠷᠤᠭ ᠤᠳ᠂ ᠬᠥᠮᠥᠰ ᠤᠨ ᠰᠡᠳᠬᠢᠯ ᠢ ᠳᠣᠭᠳᠣᠯᠤᠭᠤᠯᠤᠮ᠎ᠠ ᠬᠤᠪᠢᠰᠬᠠᠯ ᠤᠨ ᠦᠯᠢᠭᠡᠷ ᠤᠳ ᠨᠢ ᠨᠠᠮ ᠤᠨ ᠭᠡᠰᠢᠭᠦᠳ ᠲᠤ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠰᠢᠨ᠎ᠡ ᠳᠤᠮᠳᠠᠳᠤ ᠤᠯᠤᠰ ᠪᠠᠶᠢᠭᠤᠯᠬᠤ ᠶᠢᠨ ᠲᠥᠯᠥᠭᠡ ᠠᠮᠢ ᠪᠡᠶ᠎ᠡ ᠪᠠᠨ ᠵᠣᠷᠢᠭᠤᠯᠵᠤ᠂ ᠠᠷᠢᠭᠤᠨ‌‍ᠴᠢᠰᠤ ᠪᠠᠨ ᠤᠷᠤᠰᠬᠠᠭᠰᠠᠨ ᠬᠤᠪᠢᠰᠬᠠᠯ ᠤᠨ ᠬᠠᠯᠠᠭᠤᠨ ᠰᠡᠳᠬᠢᠯᠭᠡ ᠪᠠ ᠤᠯᠤᠰ ᠲᠦᠷᠦ ᠶᠢᠨ ᠬᠠᠶᠢᠷ᠎ᠠ ᠰᠡᠳᠬᠢᠯᠭᠡ ᠶᠢ ᠠᠮᠢᠳᠤᠯᠢᠭ ᠢᠶᠠᠷ ᠳᠡᠯᠭᠡᠨ ᠦᠵᠡᠭᠦᠯᠵᠦ᠂ ᠤᠯᠠᠨ ᠳᠤ ᠨᠢᠭᠡ ᠤᠳᠠᠭᠠᠨ ᠤ ᠬᠤᠪᠢᠰᠬᠠᠯᠲᠤ ᠦᠵᠡᠯ ᠤᠨ ᠭᠦᠨ ᠭᠦᠨᠵᠡᠭᠡᠢ ᠬᠥᠮᠦᠵᠢᠯ ᠢ ᠬᠦᠷᠲᠡᠭᠡᠵᠦ᠂ ᠠᠮᠢᠳᠤᠯᠢᠭ ᠨᠠᠮ ᠤᠨ ᠬᠢᠴᠢᠶᠡᠯ ᠣᠷᠣᠭᠰᠠᠨ ᠪᠠᠶᠢᠨ᠎ᠠ᠃ ᠲᠣᠭᠤᠷᠢᠨ ᠦᠵᠡᠭᠰᠡᠨ ᠤ ᠳᠠᠷᠠᠭ᠎ᠠ ᠪᠦᠬᠦ ᠨᠠᠮ ᠤᠨ ᠭᠡᠰᠢᠭᠦᠳ ᠭᠠᠯ ᠤᠯᠠᠭᠠᠨ ᠨᠠᠮ ᠤᠨ ᠲᠤᠭ ᠤᠨ ᠡᠮᠦᠨ᠎ᠡ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠳᠠᠬᠢᠨᠲᠠ ᠡᠷᠭᠢᠴᠡᠭᠦᠯᠪᠡ᠃
     ᠲᠣᠰ ᠤᠳᠠᠭᠠᠨ ᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠨᠠᠮᠴᠢ ᠴᠢᠨᠠᠷ ᠤᠨ ᠪᠣᠯᠪᠠᠰᠤᠷᠠᠯ   ᠢ ᠤᠯᠠᠮ ᠨᠢᠭᠡ ᠠᠯᠬᠤᠮ ᠴᠢᠩᠭᠠᠳᠬᠠᠵᠤ᠂ ᠨᠠᠮ ᠤᠨ ᠣᠨᠣᠯ ᠤᠨ ᠰᠢᠨ᠎ᠡ ᠶᠢ ᠡᠭᠦᠳᠬᠦ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠤᠯᠠᠮᠵᠢᠯᠠᠯᠲᠤ ᠬᠥᠮᠦᠵᠢᠯ ᠰᠤᠷᠤᠯᠴᠠᠯᠭ᠎ᠠ ᠠᠴᠠ ᠠᠵᠢᠯ ᠢᠶᠠᠨ ᠲᠦᠯᠬᠢᠨ ᠠᠬᠢᠭᠤᠯᠬᠤ ᠣᠶᠤᠨ ᠤᠬᠠᠭᠠᠨ ᠪᠠ ᠬᠦᠴᠦᠨ ᠴᠢᠳᠠᠯ ᠢ ᠰᠢᠩᠭᠡᠬᠡᠨ ᠠᠪᠴᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ   ᠢ ᠰᠠᠶᠢᠲᠤᠷ ᠬᠢᠬᠦ ᠢᠲᠡᠭᠡᠯ ᠵᠣᠷᠢᠭ   ᠢ ᠤᠯᠠᠮ ᠪᠠᠲᠤᠳᠬᠠᠪᠠ᠃      ᠲᠣᠪᠴᠢᠶᠠᠨ ᠤ ᠨᠠᠮ ᠤᠨ ᠶᠡᠷᠦᠩᠬᠡᠶ ᠡᠭᠦᠷ ᠤᠨ ᠵᠦᠪᠯᠡᠯ ᠠᠴᠠ ᠤᠷᠢᠶᠠᠯᠠᠭ᠎ᠠ ᠭᠠᠷᠭᠠᠪᠠ᠄ ᠪᠦᠬᠦ ᠨᠠᠮ ᠤᠨ ᠭᠡᠰᠢᠭᠦᠨ ᠦᠷᠭᠦᠯᠵᠢᠯᠡᠨ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠯ᠎ᠡ ᠠᠵᠢᠯ ᠤᠨ ᠪᠠᠶᠢᠷᠢ ᠳᠡᠭᠡᠷ᠎ᠡ ᠰᠢᠷᠭᠠᠭᠤ ᠬᠠᠲᠠᠭᠤᠵᠢᠯᠲᠠᠢ ᠠᠵᠢᠯᠯᠠᠵᠤ᠂ ᠭᠦᠨ ᠵᠤᠵᠠᠭᠠᠨ ᠬᠠᠶᠢᠷ᠎ᠠ ᠰᠡᠳᠬᠢᠯᠭᠡ᠂ ᠴᠢᠩᠭ᠎ᠠ ᠬᠠᠷᠢᠭᠤᠴᠠᠯᠭ᠎ᠠ᠂ ᠯᠠᠪᠳᠠᠭᠤᠨ ᠪᠠᠲᠤᠲᠠᠢ ᠰᠤᠷᠲᠠᠯ ᠢᠶᠠᠷ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠨᠠᠮ ᠪᠣᠯᠣᠨ ᠠᠷᠠᠳ ᠲᠦᠮᠡᠨ ᠳᠤ ᠨᠡᠩ ᠰᠠᠶᠢᠨ ᠦᠢᠯᠡᠴᠢᠯᠡᠵᠦ᠂ ᠪᠦᠬᠦ ᠰᠢᠶᠠᠨ ᠤ ᠨᠡᠶᠢᠭᠡᠮ ᠠᠵᠤ ᠠᠬᠤᠢ ᠶᠢᠨ ᠰᠠᠶᠢᠨ ᠪᠥᠭᠡᠳ ᠲᠦᠷᠭᠡᠨ ᠬᠥᠭᠵᠢᠯᠲᠡ ᠶᠢ ᠠᠬᠢᠭᠤᠯᠬᠤ ᠬᠡᠷᠡᠭᠲᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号