ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠬᠢᠵᠦ | ᠦᠢᠯᠡᠰ ᠪᠣᠰᠬᠠᠬᠤ ᠲᠠᠪᠴᠠᠩ ᠢ ᠪᠠᠶᠢᠭᠤᠯᠵᠤ᠂ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠦᠨᠳᠦᠰᠦᠨ | ᠱᠠᠲᠤᠨ ᠤ ᠺᠠᠳ᠋ᠷᠴᠤᠳ ᠤᠨ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠪᠠᠶᠢᠯᠳᠤᠬᠤ ᠪᠣᠳᠣᠯᠭ᠎ᠠ ᠳᠠᠬᠢ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ | ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠡᠯ᠎ᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠶᠢ ᠵᠣᠷᠢᠭᠵᠢᠭᠤᠯᠬᠤ ᠶᠢᠨ | ᠲᠥᠯᠥᠭᠡ᠂ 7 ᠰᠠᠷ᠎ᠠ ᠶᠢᠨ 5 ᠤ ᠡᠳᠦᠷ᠂ ᠦᠴᠦᠸᠠᠨ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ ᠠᠴᠠ ᠭᠤᠣᠯᠯᠠᠨ ᠡᠷᠬᠢᠯᠡᠭᠰᠡᠨ 2023 ᠣᠨ ᠤ ᠲᠣᠰᠬᠤᠨ ᠤ ᠤᠳᠤᠷᠢᠳᠬᠤ ᠳᠤᠭᠤᠶᠢᠯᠠᠩ ᠤᠨ | ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠲᠠᠶᠢᠰᠠᠨ ᠤ ᠮᠥᠷᠥᠶᠢᠴᠡᠭᠡᠨ︾ ᠤ ᠠᠵᠢᠯᠯᠠᠭ᠎ᠠ | ᠲᠡᠭᠦᠰ ᠠᠮᠵᠢᠯᠲᠠ ᠲᠠᠢ ᠲᠡᠭᠦᠰᠪᠡ᠃ | | | | | ᠣᠶᠢᠯᠠᠭᠠᠭᠰᠠᠨ ᠢᠶᠠᠷ᠂ ᠲᠤᠰ ᠤᠳᠠᠭᠠᠨ ᠤ ︽ᠲᠠᠶᠢᠰᠠᠨ ᠤ ᠮᠥᠷᠥᠶᠢᠴᠡᠭᠡᠨ︾ ᠳᠤ ︽ᠠᠳᠠᠯᠢᠳᠬᠠᠬᠤ ᠪᠠᠷ | ᠠᠬᠢᠭᠤᠯᠬᠤ︾ ᠤᠷᠤᠯᠳᠤᠭᠠᠨ ᠤ ᠵᠠᠷᠴᠢᠮ ᠢ ᠪᠠᠷᠢᠮᠲᠠᠯᠠᠵᠤ᠂ ︽ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ + | ᠲᠤᠬᠠᠢ ᠶᠢᠨ ᠲᠠᠯᠠᠪᠤᠷ ᠲᠤ ᠲᠤᠰᠢᠶᠠᠯ ᠤᠨ ᠮᠡᠳᠡᠭᠦᠯᠦᠯᠲᠡ ᠬᠢᠬᠦ︾ ᠬᠡᠯᠪᠡᠷᠢ ᠶᠢ ᠪᠦᠲᠦᠭᠡᠯᠴᠢ ᠪᠠᠷ ᠬᠡᠷᠡᠭᠵᠢᠭᠦᠯᠦᠨ᠂ | ᠡᠯ᠎ᠡ ᠰᠢᠶᠠᠩ ᠪᠠᠯᠭᠠᠰᠤ ᠶᠢᠨ ᠲᠣᠰᠬᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠮᠥᠷᠥᠶᠢᠴᠡᠭᠡᠨ ᠤ | ᠰᠢᠢᠳᠪᠦᠷᠢᠲᠦ ᠤᠷᠤᠯᠳᠤᠭᠠᠨ ᠳᠤ ᠣᠷᠣᠯᠴᠠᠭᠰᠠᠨ 13 ᠵᠠᠰᠠᠭ ᠵᠠᠬᠢᠷᠭᠠᠨ ᠤ ᠲᠣᠰᠬᠤᠨ ᠳᠤ ᠲᠥᠯᠥᠭᠡᠯᠡᠨ ᠬᠦᠷᠴᠦ᠂ | ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠲᠣᠰᠬᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ | ᠲᠡᠵᠢᠭᠡᠨ ᠦᠷᠡᠵᠢᠭᠦᠯᠬᠦ ᠦᠢᠯᠡᠰ᠂ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠦᠢᠯᠡᠰ᠂ ᠬᠠᠮᠲᠤ ᠶᠢᠨ ᠠᠵᠤ | ᠠᠬᠤᠢ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠵᠡᠷᠭᠡ ᠣᠷᠣᠨ ᠨᠤᠲᠤᠭ ᠤᠨ | ᠣᠨᠴᠠᠯᠢᠭ ᠪᠠ ᠦᠷ᠎ᠡ ᠪᠦᠲᠦᠭᠡᠯ ᠦᠷ᠎ᠡ ᠪᠦᠲᠦᠮᠵᠢ ᠶᠢᠨ ᠲᠣᠭᠤᠷᠢᠨ ᠳᠤ ᠲᠤᠬᠠᠢ ᠶᠢᠨ ᠲᠠᠯᠠᠪᠤᠷ ᠲᠤ ᠲᠠᠶᠢᠯᠤᠮᠵᠢ | ᠬᠢᠪᠡ᠃ | | | | | | | | | 3 ᠡᠳᠦᠷ ᠤᠨ ᠪᠠᠴᠢᠮ ᠰᠢᠷᠦᠭᠦᠨ ᠥᠷᠢᠰᠦᠯᠳᠦᠭᠡᠨ ᠢᠶᠠᠷ ᠲᠠᠮᠵᠢᠨ᠂ ᠰᠢᠯᠭᠠᠷᠠᠭᠤᠯᠬᠤ ᠺᠣᠮᠢᠰ ᠤᠨ | ᠳᠤᠭᠤᠶᠢᠯᠠᠩ ᠤᠨ ᠬᠢᠨ ᠵᠣᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ᠂ ᠨᠠᠮ ᠤᠨ ᠪᠠᠶᠢᠭᠤᠯᠤᠯᠲᠠ ᠪᠠᠷ | ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠬᠤ᠂ ᠨᠠᠮ ᠤᠨ ᠪᠠᠶᠢᠭᠤᠯᠤᠯᠲᠠ ᠶᠢᠨ ᠨᠡᠷᠡᠳᠤ ᠲᠡᠮᠳᠡᠭ ᠢ | ᠡᠭᠦᠳᠬᠦ᠂ ᠦᠨᠳᠦᠰᠦᠨ ᠱᠠᠲᠤᠨ ᠤ ᠵᠠᠰᠠᠯᠲᠠ᠂ ᠬᠥᠳᠡᠭᠡ ᠲᠣᠰᠬᠤᠨ ᠤ ᠪᠠᠶᠢᠭᠤᠯᠤᠯᠲᠠ ᠵᠡᠷᠭᠡ 10 ᠬᠤᠪᠢ | ᠣᠯᠭᠤᠬᠤ ᠪᠠᠷᠢᠮᠵᠢᠶ᠎ᠠ ᠶᠢ ᠦᠨᠳᠦᠰᠦᠯᠡᠨ ᠨᠢᠭᠡ ᠨᠢᠭᠡ ᠪᠠᠷ ᠰᠢᠯᠭᠠᠷᠠᠭᠤᠯᠵᠤ᠂ ᠬᠠᠮᠤᠭ ᠡᠴᠦᠰ ᠲᠤ ᠨᠢᠭᠡᠳᠦᠭᠡᠷ | ᠳᠡᠰ ᠤᠨ ᠱᠠᠩᠨᠠᠯ 1 ᠨᠡᠷᠡᠰ᠂ ᠬᠤᠶᠠᠳᠤᠭᠠᠷ ᠳᠡᠰ ᠤᠨ ᠱᠠᠩᠨᠠᠯ 2 ᠨᠡᠷᠡᠰ᠂ ᠭᠤᠷᠪᠠᠳᠤᠭᠠᠷ ᠳᠡᠰ ᠤᠨ ᠱᠠᠩᠨᠠᠯ 3 | ᠨᠡᠷᠡᠰ᠂ ᠰᠢᠯᠢᠳᠡᠭ ᠱᠠᠩᠨᠠᠯ 7 ᠨᠡᠷᠡᠰ ᠢ ᠰᠢᠯᠭᠠᠷᠠᠭᠤᠯᠬᠤ ᠶᠢᠨ ᠬᠠᠮᠲᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ | ᠳᠡᠰ ᠤᠨ ᠱᠠᠩᠨᠠᠯ ᠣᠯᠣᠭᠰᠠᠨ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠵᠣᠬᠢᠬᠤ ᠪᠡᠯᠡ ᠮᠥᠩᠭᠦ ᠶᠢᠨ | ᠱᠠᠩᠨᠠᠯ ᠣᠯᠭᠤᠪᠠ᠃ | | | | | ᠲᠤᠰ ᠤᠳᠠᠭ᠎ᠠ ᠶᠢᠨ ︽ᠲᠠᠶᠢᠰᠠᠨ ᠤ ᠮᠥᠷᠥᠶᠢᠴᠡᠭᠡᠨ︾ ᠤ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠡ ᠨᠢ᠂ | ᠡᠯ᠎ᠡ ᠲᠣᠰᠬᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠢᠨ ᠨᠠᠮ ᠤᠨ ᠪᠠᠶᠢᠭᠤᠯᠤᠯᠲᠠ ᠶᠢ ᠠᠳᠬᠤᠵᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠡᠭᠦᠷᠭᠡ ᠬᠠᠷᠢᠭᠤᠴᠠᠯᠭ᠎ᠠ ᠶᠢ ᠭᠦᠢᠴᠡᠳ | ᠢᠯᠡᠷᠡᠭᠦᠯᠵᠦ᠂ ᠠᠵᠢᠯ ᠬᠢᠵᠦ ᠦᠢᠯᠡᠰ ᠪᠣᠰᠬᠠᠬᠤ ᠴᠢᠳᠠᠪᠤᠷᠢ ᠶᠢ ᠳᠡᠭᠡᠭᠰᠢᠯᠡᠭᠦᠯᠵᠦ᠂ ᠲᠡᠷᠢᠭᠦᠨ ᠤ ᠬᠢ ᠶᠢ ᠲᠡᠮᠡᠴᠡᠨ | ᠰᠢᠯᠢᠳᠡᠭ ᠢ ᠡᠭᠦᠳᠬᠦ ᠢᠳᠡᠪᠬᠢᠵᠢᠯ ᠢ ᠬᠥᠭᠵᠢᠭᠡᠵᠡᠢ᠃ | | | | | ᠤᠷᠤᠯᠳᠤᠭᠠᠨ ᠳᠤ ᠣᠷᠣᠯᠴᠠᠭᠰᠠᠨ ᠲᠣᠰᠬᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ | ᠢᠯᠡᠷᠬᠡᠶᠢᠯᠡᠬᠦ ᠳᠡᠭᠡᠨ᠄ ᠲᠤᠰ ᠤᠳᠠᠭᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠲᠠᠶᠢᠰᠠᠨ ᠤ | ᠮᠥᠷᠥᠶᠢᠴᠡᠭᠡᠨ︾ ᠢᠶᠠᠷ ᠠᠵᠠ ᠲᠣᠬᠢᠶᠠᠯ ᠪᠣᠯᠭᠠᠵᠤ᠂ ᠢᠲᠡᠭᠡᠯ ᠵᠣᠷᠢᠭ ᠢ ᠪᠤᠶ ᠪᠣᠯᠭᠠᠨ ᠵᠣᠷᠢᠭᠲᠠᠢ ᠪᠠᠷ ᠠᠵᠢᠯᠯᠠᠬᠤ᠂ | ᠲᠤᠷᠰᠢᠯᠭ᠎ᠠ ᠪᠠᠨ ᠳ᠋ᠦᠩᠨᠡᠵᠦ ᠠᠷᠭ᠎ᠠ ᠤᠬᠠᠭᠠᠨ ᠰᠦᠪᠡᠭᠴᠢᠯᠡᠬᠦ᠂ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠡᠷᠢᠵᠦ | ᠨᠠᠶᠢᠳᠠᠪᠤᠷᠢᠵᠢᠭᠤᠯᠬᠤ ᠶᠢ ᠠᠳᠬᠤᠬᠤ ᠭᠤᠷᠪᠠᠨ ᠶᠡᠭᠡ ᠠᠵᠢᠯ ᠤᠨ ᠠᠭᠤᠯᠭ᠎ᠠ ᠶᠢᠨ ᠲᠣᠭᠤᠷᠢᠨ ᠳᠤ᠂ ᠵᠥᠷᠢᠶ᠎ᠡ ᠪᠠᠨ | ᠡᠷᠢᠵᠦ᠂ ᠰᠢᠯᠲᠠᠭᠠᠨ ᠢ ᠨᠢ ᠪᠠᠶᠢᠴᠠᠭᠠᠵᠤ᠂ ᠬᠡᠪ ᠳᠠᠭᠤᠷᠢᠶᠠᠯ ᠦᠵᠡᠭᠦᠯᠵᠦ᠂ ᠳᠠᠶᠢᠨ ᠵᠠᠷᠯᠠᠬᠤ ᠪᠢᠴᠢᠭ ᠪᠠᠭᠤᠯᠭᠠᠵᠤ᠂ | ᠠᠷᠭ᠎ᠠ ᠬᠡᠮᠵᠢᠶ᠎ᠡ ᠲᠣᠭᠲᠠᠭᠠᠨ᠂ ᠳᠤᠲᠠᠭᠤᠳᠠᠯ ᠢᠶᠠᠨ ᠨᠥᠬᠦᠪᠦᠷᠢᠯᠡᠵᠦ᠂ ᠵᠣᠷᠢᠭ ᠢᠶᠠᠨ ᠢᠯᠡᠳᠬᠡᠵᠦ᠂ ᠴᠢᠷᠮᠠᠶᠢᠬᠤ | ᠴᠢᠭᠯᠡᠯ ᠢᠶᠠᠨ ᠤᠯᠠᠮ ᠨᠢᠭᠡ ᠠᠯᠬᠤᠮ ᠲᠣᠳᠣᠷᠬᠠᠢ ᠪᠣᠯᠭᠠᠵᠤ᠂ ᠠᠵᠢᠯ ᠤᠨ ᠰᠡᠳᠬᠢᠴᠡ ᠪᠠᠨ ᠥᠷᠭᠡᠳᠬᠡᠨ᠂ | ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ︽ᠮᠡᠷᠭᠡᠳ ᠠᠴᠠ ᠲᠠᠭᠠᠨ ᠰᠤᠷᠤᠯᠴᠠᠬᠤ︾᠂ ︽ᠠᠳᠠᠯᠢᠳᠬᠠᠬᠤ | ᠰᠤᠷᠤᠯᠴᠠᠬᠤ ᠭᠦᠢᠴᠡᠵᠦ ᠳᠠᠪᠠᠭ᠋ᠤ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠦᠨᠡᠨ ᠬᠦ | ᠦᠨᠳᠦᠰᠦᠨ ᠱᠠᠲᠤᠨ ᠤ ᠨᠠᠮ ᠤᠨ ᠭᠡᠰᠢᠭᠦᠨ ᠣᠯᠠᠨ ᠲᠦᠮᠡᠨ ᠢ ᠬᠥᠲᠥᠯᠥᠨ ᠳᠠᠭᠠᠭᠤᠯᠬᠤ᠂ ᠠᠵᠤ ᠠᠬᠤᠢ | ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠬᠥᠳᠡᠭᠡ ᠲᠣᠰᠬᠤᠨ ᠤ ᠡᠯ᠎ᠡ ᠵᠦᠢᠯ ᠤᠨ ᠠᠵᠢᠯ ᠦᠢᠯᠡᠰ ᠢ ᠰᠠᠶᠢᠲᠤᠷ | ᠠᠳᠬᠤᠬᠤ ︽ᠳᠠᠭᠠᠭᠤᠯᠤᠭᠴᠢ︾ ᠪᠣᠯᠵᠤ᠂ ᠡᠭᠦᠨ ᠤ ᠤᠯᠠᠮ ᠢᠶᠠᠷ ᠦᠨᠳᠦᠰᠦᠨ ᠱᠠᠲᠤᠨ ᠤ ᠣᠯᠠᠨ ᠲᠦᠮᠡᠨ ᠢ | ᠳᠠᠭᠠᠭᠤᠯᠤᠨ ᠰᠠᠶᠢᠨ ᠰᠠᠶᠢᠬᠠᠨ ᠠᠮᠢᠳᠤᠷᠠᠯ ᠢ ᠡᠳ᠋ᠯᠡᠭᠦᠯᠦᠨ᠎ᠡ᠃ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ |