ᠪᠦᠬᠦ ᠤᠯᠤᠰ ᠤᠨ ᠨᠢᠭᠡᠳᠦᠯᠲᠡᠢ ᠰᠢᠯᠭᠠᠯᠲᠠ ᠪᠠᠷ ᠳᠠᠮᠵᠢᠨ ᠶᠡᠭᠡ ᠳᠡᠭᠡᠳᠦ ᠰᠤᠷᠭᠠᠭᠤᠯᠢ ᠳᠤ | ᠰᠢᠯᠭᠠᠭᠤᠯᠤᠭᠰᠠᠳ ᠰᠢᠯᠭᠠᠯᠲᠠ ᠶᠢᠨ ᠢᠶᠠᠨ ᠬᠢᠷᠢ ᠪᠦᠲᠦᠮᠵᠢ ᠪᠣᠯᠣᠨ ᠡᠯ᠎ᠡ ᠮᠤᠵᠢ ᠣᠷᠣᠨ ᠬᠤᠲᠠ ᠶᠢᠨ ᠣᠶᠤᠲᠠᠨ | ᠡᠯᠰᠡᠬᠦ ᠬᠠᠮᠤᠭ ᠤᠨ ᠳᠣᠣᠷ᠎ᠠ ᠬᠤᠪᠢ ᠶᠢᠨ ᠪᠠᠷᠢᠮᠵᠢᠶ᠎ᠠ ᠳᠤ ᠰᠠᠭᠤᠷᠢᠯᠠᠵᠤ᠂ ᠠᠯᠢ ᠰᠤᠷᠭᠠᠭᠤᠯᠢ ᠳᠤ ᠣᠷᠣᠵᠤ ᠶᠠᠮᠠᠷ | ᠲᠤᠰᠬᠠᠢ ᠮᠡᠷᠭᠡᠵᠢᠯ ᠢ ᠰᠣᠩᠭᠤᠨ ᠰᠤᠷᠤᠯᠴᠠᠬᠤ ᠪᠠᠨ ᠲᠣᠭᠲᠠᠭᠠᠵᠤ ᠡᠷᠡᠮᠡᠯᠵᠡᠯ ᠢᠶᠠᠨ ᠳᠡᠪᠰᠢᠭᠦᠯᠬᠦ ᠪᠣᠯ ᠲᠡᠳᠡᠨ ᠤ | ᠡᠷᠬᠡᠪᠰᠢ ᠰᠣᠩᠭᠤᠬᠤ ᠴᠢᠬᠤᠯᠠ ᠲᠠᠢ ᠬᠠᠲᠠᠭᠤ ᠰᠢᠯᠭᠠᠯᠲᠠ ᠪᠣᠯᠣᠨ᠎ᠠ᠃ | ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠤᠭᠰᠠᠳ ᠰᠢᠯᠭᠠᠯᠲᠠ ᠶᠢᠨ ᠬᠢᠷᠢ ᠪᠦᠲᠦᠮᠵᠢ ᠪᠠᠨ ᠦᠨᠳᠦᠰᠦᠯᠡᠵᠦ | ᠂ ᠥᠪᠡᠷ ᠤᠨ ᠳᠤᠷ᠎ᠠ ᠰᠣᠨᠢᠷᠬᠠᠯ᠂ ᠣᠨᠴᠠᠯᠢᠭ ᠳᠠᠪᠠᠭᠤᠯᠢᠭ ᠲᠠᠭᠠᠨ ᠵᠣᠬᠢᠴᠠᠭᠤᠯᠤᠨ᠂ ᠢᠷᠡᠭᠡᠳᠦᠢ ᠶᠢᠨ ᠠᠵᠢᠯ | ᠣᠯᠭᠤᠯᠲᠠ ᠪᠠ ᠬᠥᠭᠵᠢᠯᠲᠡ ᠳᠡᠭᠡᠨ ᠠᠰᠢᠭᠲᠠᠢ ᠶᠡᠭᠡ ᠳᠡᠭᠡᠳᠦ ᠰᠤᠷᠭᠠᠭᠤᠯᠢ ᠪᠣᠯᠣᠨ ᠲᠤᠰᠬᠠᠢ ᠮᠡᠷᠭᠡᠵᠢᠯ ᠢ | ᠰᠣᠩᠭᠤᠬᠤ ᠳᠤ᠂ ᠰᠤᠷᠭᠠᠭᠤᠯᠢ ᠪᠣᠯᠣᠨ ᠲᠤᠰᠬᠠᠢ ᠮᠡᠷᠭᠡᠵᠢᠯ ᠤᠨ ᠠᠯᠢᠨ ᠢ ᠨᠢ ᠲᠡᠷᠢᠭᠦᠨ ᠴᠢᠬᠤᠯᠠ ᠪᠠᠶᠢᠷᠢᠨ ᠳᠤ | ᠲᠠᠯᠪᠢᠵᠤ ᠭᠤᠣᠯᠳᠠᠯᠭ᠎ᠠ ᠪᠠᠨ ᠪᠣᠯᠭᠠᠬᠤ ᠪᠣᠢ︖ ᠭᠡᠳᠡᠭ ᠠᠰᠠᠭᠤᠳᠠᠯ ᠳᠡᠭᠡᠷ᠎ᠡ ᠨᠡᠶᠢᠭᠡᠮ ᠨᠡᠶᠢᠲᠡ ᠶᠢᠨ ᠬᠢᠨ | ᠤᠳᠠᠭᠠᠨ ᠵᠢᠯ ᠤᠨ ᠲᠤᠷᠰᠢ ᠶᠠᠷᠢᠶ᠎ᠠ ᠬᠡᠯᠡᠯᠴᠡᠭᠡᠨ ᠪᠣᠯᠵᠤ ᠮᠠᠷᠭᠤᠯᠳᠤᠭᠰᠠᠭᠠᠷ ᠢᠷᠡᠭᠰᠡᠨ ᠶᠤᠮ᠃ | ᠲᠡᠭᠡᠪᠡᠯ᠂ ᠨᠡᠷᠡᠲᠦ ᠶᠡᠭᠡ ᠳᠡᠭᠡᠳᠦ ᠰᠤᠷᠭᠠᠭᠤᠯᠢ ᠳᠤ ᠣᠷᠣᠵᠤ ᠰᠤᠷᠤᠯᠴᠠᠬᠤ ᠨᠢ ᠬᠠᠮᠤᠭ ᠤᠨ ᠴᠢᠬᠤᠯᠠ ᠦᠦ | ︖ ᠡᠰᠡᠬᠦᠯ᠎ᠡ ᠵᠥᠪᠬᠡᠨ ᠰᠠᠶᠢᠨ ᠲᠤᠰᠬᠠᠢ ᠮᠡᠷᠭᠡᠵᠢᠯ ᠢ ᠰᠣᠩᠭᠤᠵᠤ ᠰᠤᠷᠤᠯᠴᠠᠬᠤ ᠨᠢ ᠠᠰᠢᠭᠲᠠᠢ ᠦᠦ︖ ᠡᠨᠡ | ᠲᠤᠬᠠᠢ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠳᠠᠷᠤᠭ᠎ᠠ ᠸᠠᠩ ᠱᠦ ᠭᠦᠸᠧ ᠥᠪᠡᠷ ᠤᠨ | ᠦᠵᠡᠯᠲᠡ ᠪᠠᠨ ᠳᠤᠷᠠᠳᠴᠤ ᠬᠠᠷᠢᠭᠤᠯᠲᠠ ᠥᠭᠭᠦᠭᠰᠡᠨ ᠢ ᠲᠥᠪ ᠲᠧᠯᠸᠢᠰ ᠤᠨ ᠪᠢᠴᠢᠯᠭᠡ ᠠᠴᠠ ᠬᠠᠷᠠᠭᠠᠷᠠᠢ᠃ |