ᠦᠴᠦᠸᠠᠨ ᠰᠢᠶᠠᠨ ᠤ 2023 ᠣᠨ ᠤ ᠲᠣᠰᠬᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠲᠠᠶᠢᠰᠠᠨ ᠤ ᠮᠥᠷᠥᠶᠢᠴᠡᠭᠡᠨ︾ ᠤ ᠠᠵᠢᠯᠯᠠᠭ᠎ᠠ ᠲᠡᠭᠦᠰ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2023/7/7
     ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠬᠢᠵᠦ ᠦᠢᠯᠡᠰ ᠪᠣᠰᠬᠠᠬᠤ ᠲᠠᠪᠴᠠᠩ ᠢ ᠪᠠᠶᠢᠭᠤᠯᠵᠤ᠂ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷᠴᠤᠳ ᠤᠨ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠᠶᠢᠯᠳᠤᠬᠤ ᠪᠣᠳᠣᠯᠭ᠎ᠠ ᠳᠠᠬᠢ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠡᠯ᠎ᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠶᠢ ᠵᠣᠷᠢᠭᠵᠢᠭᠤᠯᠬᠤ ᠶᠢᠨ ᠲᠥᠯᠥᠭᠡ᠂ 7 ᠰᠠᠷ᠎ᠠ ᠶᠢᠨ 5  ᠤ ᠡᠳᠦᠷ᠂ ᠦᠴᠦᠸᠠᠨ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠭᠤᠣᠯᠯᠠᠨ ᠡᠷᠬᠢᠯᠡᠭᠰᠡᠨ 2023 ᠣᠨ ᠤ ᠲᠣᠰᠬᠤᠨ ᠤ ᠤᠳᠤᠷᠢᠳᠬᠤ ᠳᠤᠭᠤᠶᠢᠯᠠᠩ ᠤᠨ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠲᠠᠶᠢᠰᠠᠨ ᠤ ᠮᠥᠷᠥᠶᠢᠴᠡᠭᠡᠨ︾ ᠤ ᠠᠵᠢᠯᠯᠠᠭ᠎ᠠ ᠲᠡᠭᠦᠰ ᠠᠮᠵᠢᠯᠲᠠ ᠲᠠᠢ ᠲᠡᠭᠦᠰᠪᠡ᠃
     ᠣᠶᠢᠯᠠᠭᠠᠭᠰᠠᠨ ᠢᠶᠠᠷ᠂ ᠲᠤᠰ ᠤᠳᠠᠭᠠᠨ ᠤ ︽ᠲᠠᠶᠢᠰᠠᠨ ᠤ ᠮᠥᠷᠥᠶᠢᠴᠡᠭᠡᠨ︾ ᠳᠤ ︽ᠠᠳᠠᠯᠢᠳᠬᠠᠬᠤ  ᠪᠠᠷ ᠠᠬᠢᠭᠤᠯᠬᠤ︾ ᠤᠷᠤᠯᠳᠤᠭᠠᠨ ᠤ ᠵᠠᠷᠴᠢᠮ ᠢ ᠪᠠᠷᠢᠮᠲᠠᠯᠠᠵᠤ᠂ ︽ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ + ᠲᠤᠬᠠᠢ ᠶᠢᠨ ᠲᠠᠯᠠᠪᠤᠷ ᠲᠤ ᠲᠤᠰᠢᠶᠠᠯ ᠤᠨ ᠮᠡᠳᠡᠭᠦᠯᠦᠯᠲᠡ ᠬᠢᠬᠦ︾ ᠬᠡᠯᠪᠡᠷᠢ ᠶᠢ ᠪᠦᠲᠦᠭᠡᠯᠴᠢ ᠪᠠᠷ ᠬᠡᠷᠡᠭᠵᠢᠭᠦᠯᠦᠨ᠂ ᠡᠯ᠎ᠡ ᠰᠢᠶᠠᠩ ᠪᠠᠯᠭᠠᠰᠤ ᠶᠢᠨ ᠲᠣᠰᠬᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠮᠥᠷᠥᠶᠢᠴᠡᠭᠡᠨ ᠤ ᠰᠢᠢᠳᠪᠦᠷᠢᠲᠦ ᠤᠷᠤᠯᠳᠤᠭᠠᠨ ᠳᠤ ᠣᠷᠣᠯᠴᠠᠭᠰᠠᠨ 13 ᠵᠠᠰᠠᠭ ᠵᠠᠬᠢᠷᠭᠠᠨ ᠤ ᠲᠣᠰᠬᠤᠨ ᠳᠤ ᠲᠥᠯᠥᠭᠡᠯᠡᠨ ᠬᠦᠷᠴᠦ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠲᠣᠰᠬᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠲᠡᠵᠢᠭᠡᠨ ᠦᠷᠡᠵᠢᠭᠦᠯᠬᠦ ᠦᠢᠯᠡᠰ᠂ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠦᠢᠯᠡᠰ᠂ ᠬᠠᠮᠲᠤ ᠶᠢᠨ ᠠᠵᠤ ᠠᠬᠤᠢ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠵᠡᠷᠭᠡ ᠣᠷᠣᠨ ᠨᠤᠲᠤᠭ ᠤᠨ ᠣᠨᠴᠠᠯᠢᠭ ᠪᠠ ᠦᠷ᠎ᠡ ᠪᠦᠲᠦᠭᠡᠯ ᠦᠷ᠎ᠡ ᠪᠦᠲᠦᠮᠵᠢ ᠶᠢᠨ ᠲᠣᠭᠤᠷᠢᠨ ᠳᠤ ᠲᠤᠬᠠᠢ ᠶᠢᠨ ᠲᠠᠯᠠᠪᠤᠷ ᠲᠤ ᠲᠠᠶᠢᠯᠤᠮᠵᠢ ᠬᠢᠪᠡ᠃
     3 ᠡᠳᠦᠷ ᠤᠨ ᠪᠠᠴᠢᠮ ᠰᠢᠷᠦᠭᠦᠨ ᠥᠷᠢᠰᠦᠯᠳᠦᠭᠡᠨ ᠢᠶᠠᠷ ᠲᠠᠮᠵᠢᠨ᠂ ᠰᠢᠯᠭᠠᠷᠠᠭᠤᠯᠬᠤ ᠺᠣᠮᠢᠰ ᠤᠨ ᠳᠤᠭᠤᠶᠢᠯᠠᠩ ᠤᠨ ᠬᠢᠨ ᠵᠣᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ᠂ ᠨᠠᠮ ᠤᠨ ᠪᠠᠶᠢᠭᠤᠯᠤᠯᠲᠠ ᠪᠠᠷ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠬᠤ᠂ ᠨᠠᠮ ᠤᠨ ᠪᠠᠶᠢᠭᠤᠯᠤᠯᠲᠠ ᠶᠢᠨ ᠨᠡᠷᠡᠳᠤ ᠲᠡᠮᠳᠡᠭ ᠢ ᠡᠭᠦᠳᠬᠦ᠂ ᠦᠨᠳᠦᠰᠦᠨ ᠱᠠᠲᠤᠨ ᠤ ᠵᠠᠰᠠᠯᠲᠠ᠂ ᠬᠥᠳᠡᠭᠡ ᠲᠣᠰᠬᠤᠨ ᠤ ᠪᠠᠶᠢᠭᠤᠯᠤᠯᠲᠠ ᠵᠡᠷᠭᠡ 10 ᠬᠤᠪᠢ ᠣᠯᠭᠤᠬᠤ ᠪᠠᠷᠢᠮᠵᠢᠶ᠎ᠠ ᠶᠢ ᠦᠨᠳᠦᠰᠦᠯᠡᠨ ᠨᠢᠭᠡ ᠨᠢᠭᠡ ᠪᠠᠷ ᠰᠢᠯᠭᠠᠷᠠᠭᠤᠯᠵᠤ᠂ ᠬᠠᠮᠤᠭ ᠡᠴᠦᠰ ᠲᠤ ᠨᠢᠭᠡᠳᠦᠭᠡᠷ ᠳᠡᠰ ᠤᠨ ᠱᠠᠩᠨᠠᠯ 1 ᠨᠡᠷᠡᠰ᠂ ᠬᠤᠶᠠᠳᠤᠭᠠᠷ ᠳᠡᠰ ᠤᠨ ᠱᠠᠩᠨᠠᠯ 2 ᠨᠡᠷᠡᠰ᠂ ᠭᠤᠷᠪᠠᠳᠤᠭᠠᠷ ᠳᠡᠰ ᠤᠨ ᠱᠠᠩᠨᠠᠯ 3 ᠨᠡᠷᠡᠰ᠂ ᠰᠢᠯᠢᠳᠡᠭ ᠱᠠᠩᠨᠠᠯ 7 ᠨᠡᠷᠡᠰ ᠢ ᠰᠢᠯᠭᠠᠷᠠᠭᠤᠯᠬᠤ ᠶᠢᠨ ᠬᠠᠮᠲᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠣᠯᠣᠭᠰᠠᠨ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠵᠣᠬᠢᠬᠤ ᠪᠡᠯᠡ ᠮᠥᠩᠭᠦ ᠶᠢᠨ ᠱᠠᠩᠨᠠᠯ ᠣᠯᠭᠤᠪᠠ᠃
     ᠲᠤᠰ ᠤᠳᠠᠭ᠎ᠠ ᠶᠢᠨ ︽ᠲᠠᠶᠢᠰᠠᠨ ᠤ ᠮᠥᠷᠥᠶᠢᠴᠡᠭᠡᠨ︾ ᠤ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠡ ᠨᠢ᠂ ᠡᠯ᠎ᠡ ᠲᠣᠰᠬᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠢᠨ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠡᠭᠦᠷᠭᠡ ᠬᠠᠷᠢᠭᠤᠴᠠᠯᠭ᠎ᠠ ᠶᠢ ᠭᠦᠢᠴᠡᠳ ᠢᠯᠡᠷᠡᠭᠦᠯᠵᠦ᠂ ᠠᠵᠢᠯ ᠬᠢᠵᠦ ᠦᠢᠯᠡᠰ ᠪᠣᠰᠬᠠᠬᠤ ᠴᠢᠳᠠᠪᠤᠷᠢ ᠶᠢ ᠳᠡᠭᠡᠭᠰᠢᠯᠡᠭᠦᠯᠵᠦ᠂ ᠲᠡᠷᠢᠭᠦᠨ ᠤ ᠬᠢ ᠶᠢ ᠲᠡᠮᠡᠴᠡᠨ ᠰᠢᠯᠢᠳᠡᠭ ᠢ ᠡᠭᠦᠳᠬᠦ ᠢᠳᠡᠪᠬᠢᠵᠢᠯ ᠢ ᠬᠥᠭᠵᠢᠭᠡᠵᠡᠢ᠃
     ᠤᠷᠤᠯᠳᠤᠭᠠᠨ ᠳᠤ ᠣᠷᠣᠯᠴᠠᠭᠰᠠᠨ ᠲᠣᠰᠬᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠲᠤᠰ ᠤᠳᠠᠭᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠲᠠᠶᠢᠰᠠᠨ ᠤ ᠮᠥᠷᠥᠶᠢᠴᠡᠭᠡᠨ︾ ᠢᠶᠠᠷ ᠠᠵᠠ ᠲᠣᠬᠢᠶᠠᠯ ᠪᠣᠯᠭᠠᠵᠤ᠂ ᠢᠲᠡᠭᠡᠯ ᠵᠣᠷᠢᠭ ᠢ ᠪᠤᠶ ᠪᠣᠯᠭᠠᠨ ᠵᠣᠷᠢᠭᠲᠠᠢ ᠪᠠᠷ ᠠᠵᠢᠯᠯᠠᠬᠤ᠂ ᠲᠤᠷᠰᠢᠯᠭ᠎ᠠ ᠪᠠᠨ ᠳ᠋ᠦᠩᠨᠡᠵᠦ ᠠᠷᠭ᠎ᠠ ᠤᠬᠠᠭᠠᠨ ᠰᠦᠪᠡᠭᠴᠢᠯᠡᠬᠦ᠂ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠡᠷᠢᠵᠦ ᠨᠠᠶᠢᠳᠠᠪᠤᠷᠢᠵᠢᠭᠤᠯᠬᠤ ᠶᠢ ᠠᠳᠬᠤᠬᠤ ᠭᠤᠷᠪᠠᠨ ᠶᠡᠭᠡ ᠠᠵᠢᠯ ᠤᠨ ᠠᠭᠤᠯᠭ᠎ᠠ ᠶᠢᠨ ᠲᠣᠭᠤᠷᠢᠨ ᠳᠤ᠂ ᠵᠥᠷᠢᠶ᠎ᠡ ᠪᠠᠨ ᠡᠷᠢᠵᠦ᠂ ᠰᠢᠯᠲᠠᠭᠠᠨ ᠢ ᠨᠢ ᠪᠠᠶᠢᠴᠠᠭᠠᠵᠤ᠂ ᠬᠡᠪ ᠳᠠᠭᠤᠷᠢᠶᠠᠯ ᠦᠵᠡᠭᠦᠯᠵᠦ᠂ ᠳᠠᠶᠢᠨ ᠵᠠᠷᠯᠠᠬᠤ ᠪᠢᠴᠢᠭ ᠪᠠᠭᠤᠯᠭᠠᠵᠤ᠂ ᠠᠷᠭ᠎ᠠ ᠬᠡᠮᠵᠢᠶ᠎ᠡ ᠲᠣᠭᠲᠠᠭᠠᠨ᠂ ᠳᠤᠲᠠᠭᠤᠳᠠᠯ ᠢᠶᠠᠨ ᠨᠥᠬᠦᠪᠦᠷᠢᠯᠡᠵᠦ᠂ ᠵᠣᠷᠢᠭ ᠢᠶᠠᠨ ᠢᠯᠡᠳᠬᠡᠵᠦ᠂ ᠴᠢᠷᠮᠠᠶᠢᠬᠤ ᠴᠢᠭᠯᠡᠯ ᠢᠶᠠᠨ ᠤᠯᠠᠮ ᠨᠢᠭᠡ ᠠᠯᠬᠤᠮ ᠲᠣᠳᠣᠷᠬᠠᠢ ᠪᠣᠯᠭᠠᠵᠤ᠂ ᠠᠵᠢᠯ ᠤᠨ ᠰᠡᠳᠬᠢᠴᠡ ᠪᠠᠨ ᠥᠷᠭᠡᠳᠬᠡᠨ᠂ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ︽ᠮᠡᠷᠭᠡᠳ ᠠᠴᠠ ᠲᠠᠭᠠᠨ ᠰᠤᠷᠤᠯᠴᠠᠬᠤ︾᠂ ︽ᠠᠳᠠᠯᠢᠳᠬᠠᠨ ᠰᠤᠷᠤᠯᠴᠠᠵᠤ ᠬᠥᠭᠡᠭᠡᠵᠦ ᠭᠦᠢᠴᠡᠨ ᠳᠠᠪᠠᠵᠤ ᠭᠠᠷᠬᠤ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠦᠨᠡᠨ ᠬᠦ ᠦᠨᠳᠦᠰᠦᠨ ᠱᠠᠲᠤᠨ ᠤ ᠨᠠᠮ ᠤᠨ ᠭᠡᠰᠢᠭᠦᠨ ᠣᠯᠠᠨ ᠲᠦᠮᠡᠨ ᠢ ᠬᠥᠲᠥᠯᠥᠨ ᠳᠠᠭᠠᠭᠤᠯᠬᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠬᠥᠳᠡᠭᠡ ᠲᠣᠰᠬᠤᠨ ᠤ ᠡᠯ᠎ᠡ ᠵᠦᠢᠯ ᠤᠨ ᠠᠵᠢᠯ ᠦᠢᠯᠡᠰ ᠢ ᠰᠠᠶᠢᠲᠤᠷ ᠠᠳᠬᠤᠬᠤ ︽ᠳᠠᠭᠠᠭᠤᠯᠤᠭᠴᠢ︾ ᠪᠣᠯᠭᠠᠵᠤ᠂ ᠡᠭᠦᠨ ᠤ ᠤᠯᠠᠮ ᠢᠶᠠᠷ ᠦᠨᠳᠦᠰᠦᠨ ᠱᠠᠲᠤᠨ ᠤ ᠣᠯᠠᠨ ᠲᠦᠮᠡᠨ ᠢ ᠳᠠᠭᠠᠭᠤᠯᠤᠨ ᠰᠠᠶᠢᠨ ᠰᠠᠶᠢᠬᠠᠨ ᠠᠮᠢᠳᠤᠷᠠᠯ ᠢ ᠡᠳ᠋ᠯᠡᠭᠦᠯᠬᠦ ᠬᠡᠷᠡᠭᠲᠡᠢ᠃            ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号