ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠯ᠎ᠠ ᠪᠠᠷ ᠰᠢᠨ᠎ᠡ ᠵᠠᠮ ᠨᠡᠭᠡᠭᠡᠵᠦ ᠰᠢᠯᠢᠳᠡᠭ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠨ᠎ᠠ
ᠨᠡᠶᠢᠲᠡᠯᠡᠭᠰᠡᠨ ᠴᠠᠭ᠄
2023/7/7
     -  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠦᠭᠦᠳᠡ ᠬᠤᠷᠠᠯ ᠤᠨ ᠲᠠᠲᠠᠯᠠᠭ᠎ᠠ      ᠳᠡᠯᠭᠡᠷ ᠵᠤᠨ ᠭᠦᠭᠡᠬᠤᠲᠠ ᠳᠤ ᠲᠦᠮᠡᠨ ᠪᠣᠳᠠᠰ ᠥᠷᠨᠢᠨ ᠪᠠᠳᠠᠷᠠᠨ᠎ᠠ᠃      7 ᠰᠠᠷ᠎ᠠ ᠶᠢᠨ 3 ᠤ ᠦᠳᠡ ᠶᠢᠨ ᠡᠮᠦᠨ᠎ᠡ ᠠᠴᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ  ᠵᠢᠷᠭᠤᠳᠤᠭᠠᠷ ᠪᠦᠭᠦᠳᠡ ᠬᠤᠷᠠᠯ ᠡᠬᠢᠯᠡᠨ ᠬᠤᠷᠠᠯᠳᠤᠪᠠ᠃      ᠪᠦᠭᠦᠳᠡ ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠢ ᠪᠦᠭᠦ ᠲᠠᠯ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ︾ ᠢ ᠬᠢᠨᠠᠨ ᠵᠥᠪᠯᠡᠨ ᠪᠠᠲᠤᠯᠠᠵᠤ᠂ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠳᠡᠭᠡᠷ᠎ᠡ ᠬᠠᠭᠠᠰ ᠵᠢᠯ ᠤᠨ ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ ᠡᠯ᠎ᠡ ᠠᠶᠢᠮᠠᠭ ᠬᠤᠲᠠ ᠪᠣᠯᠣᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠠᠯ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠶᠡᠭᠡ ᠬᠤᠷᠠᠯ ᠤᠨ ᠠᠬᠤᠢ ᠲᠠᠯᠠᠪᠠᠢ ᠲᠥᠪ ᠬᠢᠴᠢᠶᠡᠩᠭᠦᠢ ᠪᠥᠭᠡᠳ ᠭᠦᠷ ᠬᠥᠭᠵᠢᠶᠡᠨ ᠢᠶᠠᠷ ᠪᠢᠯᠬᠠᠨ᠎ᠠ᠃ ᠬᠤᠷᠠᠯ ᠳᠤ ᠣᠷᠣᠯᠴᠠᠭᠰᠠᠳ ᠰᠡᠳᠬᠢᠯ ᠲᠠᠯᠪᠢᠨ ᠰᠣᠨᠣᠰᠴᠤ᠂  ᠳᠠᠭᠠᠤ ᠳᠤᠨᠢ ᠲᠡᠮᠳᠡᠭᠯᠡᠯ ᠬᠢᠵᠦ᠂ ᠳᠡᠭᠡᠷ᠎ᠡ ᠬᠠᠭᠠᠰ ᠵᠢᠯ ᠳᠤ ᠣᠯᠣᠭᠰᠠᠨ ᠠᠮᠵᠢᠯᠲᠠ ᠪᠦᠲᠦᠮᠵᠢ ᠳᠡᠭᠡᠨ ᠤᠷᠮᠠᠰᠢᠨ ᠣᠮᠣᠭᠰᠢᠵᠤ᠂ ᠰᠠᠶᠢᠨ ᠰᠠᠶᠢᠬᠠᠨ ᠢᠷᠡᠭᠡᠳᠦᠢ ᠳᠤ ᠬᠦᠰᠡᠯ ᠡᠷᠡᠮᠡᠯᠵᠡᠯ ᠳᠦᠭᠦᠷᠡᠩ ᠪᠠᠶᠢᠯ᠎ᠠ᠃      ᠵᠠᠩᠭᠢᠯᠠᠭ᠎ᠠ ᠶᠢᠨ ᠬᠤᠭᠤᠴᠠᠭᠠᠨ ᠳᠤ ᠬᠢᠭᠰᠡᠨ ᠴᠢᠬᠤᠯᠠ ᠪᠠᠶᠢᠷᠢᠯᠠᠭᠤᠯᠤᠯᠲᠠ ᠨᠢ ᠲᠠᠷᠠᠭᠠᠴᠢ ᠶᠢᠨ ᠱᠠᠲᠤᠨ ᠤ ᠪᠦᠭᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠤᠭᠰᠠᠨ ᠪᠥᠭᠡᠳ ᠪᠠᠰᠠ ᠴᠠᠭ ᠤᠨ ᠬᠦᠰᠦᠨᠦᠭᠲᠦ᠂ ᠪᠠᠷᠢᠯᠭ᠎ᠠ ᠶᠢᠨ ᠵᠢᠷᠤᠭ ᠢ ᠲᠣᠳᠣᠷᠬᠠᠶᠢᠯᠠᠪᠠ᠃ ᠬᠤᠷᠠᠯ ᠳᠤ ᠣᠷᠣᠯᠴᠠᠭᠰᠠᠳ ᠡᠷᠴᠢ ᠵᠣᠷᠢᠭ ᠢᠶᠠᠨ ᠬᠥᠪᠴᠢᠯᠡᠵᠦ᠂ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ᠂ ᠪᠦᠭᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠲᠠᠢ ᠬᠠᠮᠲᠤ ᠪᠠᠷ ᠬᠤᠶᠠᠷ ᠲᠣᠮᠣ ᠶᠠᠪᠤᠳᠠᠯ ᠢ ᠰᠠᠶᠢᠲᠤᠷ ᠪᠡᠶᠡᠯᠡᠭᠦᠯᠬᠦ ᠲᠠᠯ᠎ᠠ ᠪᠠᠷ ᠰᠢᠨ᠎ᠡ ᠵᠠᠮ ᠨᠡᠭᠡᠭᠡᠵᠦ᠂ ᠰᠢᠯᠢᠳᠡᠭ ᠬᠠᠷᠢᠭᠤᠯᠲᠠ ᠶᠢᠨ ᠬᠠᠭᠤᠳᠠᠰᠤ ᠲᠤᠰᠢᠶᠠᠨ᠎ᠠ ᠭᠡᠵᠦ ᠢᠯᠡᠳᠬᠡᠵᠡᠭᠡᠪᠡ᠃      ︽ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠦᠨᠳᠦᠰᠦᠨ ᠱᠠᠲᠤ ᠶᠢ ᠦᠨᠡᠨ ᠬᠦ ᠬᠠᠪᠰᠤᠷᠤᠨ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠵᠦ᠂ ᠦᠨᠡᠨ ᠪᠣᠳᠠᠲᠠᠢ ᠠᠵᠢᠯ ᠤᠨ ᠰᠤᠷᠲᠠᠯ ᠢᠶᠠᠷ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ︾᠃      ︽ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠬᠦ᠂ ᠦᠢᠯᠡᠴᠢᠯᠡᠭᠡᠨ ᠤ ᠦᠢᠯᠡᠳᠦᠯ ᠴᠢᠳᠠᠪᠬᠢ᠂ ᠨᠡᠶᠢᠭᠡᠮ ᠲᠣᠭᠤᠷᠢᠭ ᠤᠨ ᠵᠠᠰᠠᠯᠲᠠ᠂ ᠠᠵᠤ ᠠᠬᠤᠢ ᠶᠢᠨ ᠪᠢᠴᠢᠯ ᠡᠷᠭᠢᠯᠲᠡ ᠵᠡᠷᠭᠡ ᠲᠠᠯ᠎ᠠ ᠶᠢᠨ ᠳᠤᠲᠠᠭᠤᠳᠠᠯ ᠢ ᠲᠦᠷᠭᠡᠳᠬᠡᠨ ᠨᠥᠬᠦᠪᠦᠷᠢᠯᠡᠵᠦ᠂ ᠬᠤᠲᠠ ᠶᠢᠨ ︿ᠬᠥᠭᠵᠢᠶᠡᠨ ᠨᠠᠷᠭᠢᠶᠠᠨ﹀ ᠢ ᠨᠡᠮᠡᠭᠳᠡᠭᠦᠯᠦᠨ᠎ᠡ᠃ ᠬᠤᠲᠠ ᠶᠢ ᠰᠢᠨᠡᠳᠬᠡᠨ ᠶᠠᠰᠤ ᠴᠢᠨᠠᠷ ᠢ ᠳᠡᠭᠡᠭᠰᠢᠯᠡᠭᠦᠯᠭᠦ ᠶᠢ ᠠᠬᠢᠭᠤᠯᠵᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠪᠠ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠪᠠ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ︾᠃      ︽ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠡᠯᠬᠢᠶᠡᠵᠢᠨ ᠪᠦᠯᠦᠭᠵᠢᠬᠦ ᠶᠢ ᠠᠬᠢᠭᠤᠯᠬᠤ ᠬᠡᠷᠡᠭᠲᠡᠢ᠃ ᠵᠢᠩᠬᠢᠨᠢ ᠡᠮ ᠤᠨ ᠮᠠᠲ᠋ᠧᠷᠢᠶᠠᠯ ᠤᠨ ᠳᠠᠷᠢᠬᠤ ᠬᠡᠪᠴᠢᠶ᠎ᠡ ᠶᠢ ᠥᠷᠭᠡᠳᠬᠡᠵᠦ᠂ ᠠᠵᠤ ᠠᠬᠤᠶᠢᠯᠠᠯ ᠤᠨ ᠡᠴᠦᠰ ᠤᠨ ᠬᠡᠯᠬᠢᠶ᠎ᠡ ᠪᠠ ᠡᠴᠦᠰ ᠤᠨ ᠦᠢᠯᠡᠳᠬᠦᠨ ᠲᠡᠶᠢᠰᠢ ᠤᠷᠲᠤᠳᠬᠠᠬᠤ ᠶᠢ ᠳᠡᠮᠵᠢᠨ᠎ᠠ︾᠃      ︽ᠭᠠᠳᠠᠭᠠᠳᠤ ᠠᠷᠠᠯᠵᠢᠶ᠎ᠠ ᠶᠢ ᠥᠷᠭᠡᠳᠬᠡᠬᠦ ᠳᠡᠭᠡᠷ᠎ᠡ ᠬᠦᠴᠦ ᠲᠠᠯᠪᠢᠵᠤ᠂ ᠮᠠᠰᠢᠨ ᠲᠡᠷᠭᠡ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ᠂ ᠡᠨᠧᠷᠭᠢ ᠬᠢᠮᠢ ᠶᠢᠨ ᠠᠵᠤ ᠦᠢᠯᠡᠳᠪᠦᠷᠢ᠂ ᠢᠮᠠᠭᠠᠨ ᠨᠣᠣᠯᠣᠭᠤᠷ ᠵᠡᠷᠭᠡ ᠳᠠᠪᠠᠭᠤᠯᠢᠭ ᠦᠢᠯᠡᠳᠬᠦᠨ ᠤ ᠭᠠᠳᠠᠭᠠᠳᠤ ᠭᠠᠷᠭᠠᠯᠲᠠ ᠶᠢᠨ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠨ᠎ᠡ᠃ ᠲᠠᠪᠴᠠᠩ ᠢ ᠪᠠᠶᠢᠭᠤᠯᠬᠤ ᠪᠠ ᠬᠦᠴᠦᠷᠬᠡᠭᠵᠢᠭᠦᠯᠬᠦ ᠳᠡᠭᠡᠷ᠎ᠡ ᠬᠦᠴᠦ ᠣᠷᠣᠭᠤᠯᠵᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠬᠡᠮᠵᠢᠶ᠎ᠡ ᠶᠢ ᠨᠡᠮᠡᠭᠳᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠠᠬᠢᠭᠤᠯᠵᠤ᠂ ︿ᠨᠢᠭᠡ ᠪᠦᠰᠡ ᠨᠢᠭᠡ ᠵᠠᠮ﹀ ᠪᠣᠯᠣᠨ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠳᠤ ᠨᠡᠩ ᠰᠠᠶᠢᠲᠤᠷ ᠠᠭᠤᠰᠤᠯᠴᠠᠨ᠎ᠠ︾᠃      ︽ᠬᠠᠷᠢᠭᠤᠴᠠᠯᠭ᠎ᠠ ᠡᠭᠦᠷᠭᠡᠯᠡᠬᠦ ᠶᠢ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠺᠠᠳ᠋ᠷ ᠤᠨ ᠤᠷᠮ᠎ᠠ ᠰᠡᠳᠬᠢᠯᠭᠡ ᠢᠳᠡᠪᠬᠢᠵᠢᠯ ᠢ ᠲᠠᠶᠢᠴᠢᠯᠠᠵᠥ᠂ ᠠᠵᠢᠯ ᠬᠢᠵᠦ ᠦᠢᠯᠡᠰ ᠪᠣᠰᠬᠠᠬᠤ ᠤᠳᠤᠷᠢᠳᠤᠮᠵᠢ ᠶᠢ ᠴᠢᠩᠭᠠᠳᠬᠠᠵᠤ᠂ ᠬᠥᠭᠵᠢᠯᠲᠡ ᠶᠢ ᠲᠦᠷᠭᠡᠳᠬᠡᠬᠦ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠦᠨ᠎ᠡ︾᠃      ᠪᠣᠷᠣᠭᠠᠨ ᠤ ᠳᠠᠷᠠᠭ᠎ᠠ ᠭᠠᠳᠠᠨ᠎ᠠ ᠠᠭᠠᠭᠢᠮ᠎ᠠ ᠬᠠᠯᠠᠭᠤᠨ ᠪᠢᠰᠢ ᠪᠣᠯᠤᠭᠰᠠᠨ ᠪᠤᠯᠪᠠᠴᠤ ᠭᠡᠷ ᠳᠣᠲᠣᠷ᠎ᠠ ᠬᠠᠷᠢᠨ ᠣᠨᠴᠠ ᠶᠢᠨ ᠬᠥᠭᠵᠢᠶᠡᠨ ᠲᠠᠢ ᠪᠠᠶᠢᠯ᠎ᠠ᠃ 2 ᠡᠳᠦᠷ ᠬᠠᠭᠠᠰ ᠤᠨ ᠬᠤᠭᠤᠴᠠᠭᠠᠨ ᠳᠤ᠂ ᠪᠦᠭᠦ ᠣᠷᠣᠨ ᠤ ᠡᠯ᠎ᠡ ᠹᠷᠣᠨᠲ ᠠᠴᠠ ᠢᠷᠡᠭᠰᠡᠨ ᠬᠤᠷᠠᠯ ᠳᠤ ᠣᠷᠣᠯᠴᠠᠭᠰᠠᠳ ᠶᠡᠭᠡ ᠬᠤᠷᠠᠯ ᠤᠨ ᠵᠥᠪᠯᠡᠬᠦ ᠵᠦᠢᠯ ᠤᠨ ᠲᠣᠭᠤᠷᠢᠨ ᠳᠤ ᠬᠥᠭᠵᠢᠶᠡᠨᠲᠡᠢ ᠶᠠᠷᠢᠯᠴᠠᠵᠤ᠂ ᠬᠥᠭᠵᠢᠯᠲᠡ ᠶᠢᠨ ︽ᠬᠤᠯᠠ ᠶᠢᠨ ᠪᠠᠷᠠᠯᠠᠯ︾ ᠪᠣᠯᠣᠨ ᠨᠢᠳᠦᠨ ᠡᠮᠦᠨᠡᠬᠢ ︽ᠵᠢᠵᠢᠭ ᠬᠠᠷᠠᠯᠲᠠ︾ ᠠᠳᠡ ᠭᠦᠨᠵᠡᠭᠡᠢ ᠠᠭᠤᠰᠤᠯᠴᠠᠪᠠ᠃      ᠳᠠᠪᠠᠯᠭᠠᠨ ᠤ ᠬᠦᠴᠦᠨ ᠳᠤᠷ ᠡᠷᠡᠮᠡᠬᠡᠶᠢᠯᠡᠨ ᠤᠷᠤᠭᠰᠢᠯᠠᠵᠤ᠂ ᠰᠠᠯᠬᠢᠨ ᠤ ᠡᠷᠴᠢᠨ ᠳᠤᠷ ᠠᠶᠠᠯᠠᠯ ᠢᠶᠠᠨ ᠱᠠᠯᠠᠪᠳᠠᠭᠤᠯᠤᠨ᠎ᠠ᠃ ᠰᠡᠳᠬᠢᠬᠦᠢ ᠶᠢᠨ ᠳᠤᠮᠳᠠ ᠬᠠᠮᠲᠤ ᠶᠢᠨ ᠲᠠᠨᠢᠯᠲᠠ ᠨᠢᠭᠡᠳᠴᠦ᠂ ᠬᠠᠮᠲᠤ ᠶᠢᠨ ᠲᠠᠭᠤᠨ ᠤ ᠳᠤᠮᠳᠠ ᠬᠠᠶᠢᠷ᠎ᠠ ᠰᠡᠳᠬᠢᠯᠭᠡ ᠨᠡᠩ ᠨᠢᠭᠲᠠᠷᠠᠵᠤ᠂ ᠨᠠᠷᠢᠨ ᠰᠤᠷᠤᠯᠴᠠᠵᠤ ᠭᠦᠨᠵᠡᠭᠡᠢ ᠰᠤᠳᠤᠯᠵᠤ᠂ ᠰᠣᠯᠢᠯᠴᠠᠵᠤ ᠰᠤᠳᠤᠯᠤᠨ ᠶᠠᠷᠢᠯᠴᠠᠬᠤ ᠳᠤᠮᠳᠠ ᠢᠲᠡᠭᠡᠯ ᠵᠣᠷᠢᠭ ᠤᠯᠠᠮ ᠪᠠᠲᠤ ᠴᠢᠩᠭ᠎ᠠ ᠪᠣᠯᠪᠠ᠃      ︽ᠪᠦᠭᠦᠳᠡ ᠬᠤᠷᠠᠯ ᠨᠢ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠬᠥᠮᠥᠰ ᠢ ᠵᠣᠷᠢᠭᠵᠢᠭᠤᠯᠤᠨ ᠤᠷᠤᠭᠰᠢᠯᠠᠭᠤᠯᠵᠤ᠂ ᠬᠥᠮᠥᠰ ᠤᠨ ᠡᠷᠴᠢ ᠵᠣᠷᠢᠭ ᠢ ᠬᠥᠪᠴᠢᠯᠡᠪᠡ᠃ ᠦᠨᠳᠦᠰᠦᠨ ᠱᠠᠲᠤᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠪᠣᠯᠤᠭᠰᠠᠨ ᠤ ᠬᠤᠪᠢ ᠳᠤ᠂ ᠪᠢ ᠨᠡᠩ ᠢᠲᠡᠭᠡᠯ ᠲᠡᠭᠦᠯᠳᠡᠷ ᠪᠣᠯᠵᠠᠢ᠃ 30 ᠵᠢᠯ ᠰᠢᠬᠠᠮ ᠤᠨ ᠠᠮᠢ ᠠᠬᠤᠢ ᠶᠢ ᠰᠡᠷᠭᠦᠭᠡᠬᠦ ᠦᠢᠯᠡᠳᠦᠯᠭᠡ ᠳᠤᠮᠳᠠ᠂ ᠮᠧᠩ ᠼᠤᠤ ᠪᠦᠯᠦᠭᠯᠡᠯ ᠭᠠᠩ ᠬᠠᠭᠰᠠᠷᠠᠭᠠᠨ ᠳᠤ ᠳᠠᠭᠠᠭᠠᠮᠠᠭᠠᠢ᠂ ᠰᠠᠯᠬᠢ ᠡᠯᠡᠰᠦ ᠳᠤ ᠲᠡᠰᠪᠦᠷᠢᠲᠡᠢ᠂ ᠰᠥᠷᠬᠦ ᠴᠢᠨᠠᠷ ᠢᠶᠠᠷ  ᠴᠢᠩᠭ᠎ᠠ ᠤᠷᠭᠤᠮᠠᠯ ᠢ ᠴᠤᠭᠯᠠᠭᠤᠯᠬᠤ ᠪᠠ ᠰᠣᠩᠭᠤᠨ ᠪᠣᠶᠢᠵᠢᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠪᠡᠰᠦᠨ ᠤ ᠡᠭᠦᠯᠳᠡᠷ ᠢ 32 ᠬᠢᠨᠠᠨ ᠲᠣᠭᠲᠠᠭᠠᠵᠤ᠂ 6 ᠵᠦᠢᠯ ᠤᠨ ᠤᠯᠤᠰ ᠤᠨ ᠤᠷᠭᠤᠮᠠᠯ ᠤᠨ ᠰᠢᠨ᠎ᠡ ᠡᠭᠦᠯᠳᠡᠷ ᠤᠨ ᠡᠷᠬᠡ ᠶᠢ ᠣᠯᠵᠠᠢ᠃ ᠲᠣᠭᠠᠴᠢᠯᠠᠭᠰᠠᠨ ᠮᠡᠷᠭᠡᠵᠢᠯ ᠤᠨ ᠳᠡᠮᠵᠢᠯᠭᠡ ᠳᠣᠣᠷ᠎ᠠ᠂ ᠴᠦᠯᠯᠡᠷᠭᠡᠭᠵᠢᠯ ᠢ ᠵᠠᠰᠠᠬᠤ ᠮᠡᠷᠭᠡᠵᠢᠯ ᠤᠨ ᠰᠢᠰᠲ᠋ᠧᠮ᠂ ᠵᠢᠱᠢᠶ᠎ᠡ ᠦᠵᠡᠭᠦᠯᠦᠯᠲᠡ ᠪᠠ ᠢᠨᠵᠧᠨᠧᠷᠢᠩ ᠤᠨ ᠳᠡᠯᠭᠡᠷᠡᠭᠦᠯᠦᠯᠲᠡ ᠶᠢ ᠲᠥᠪᠯᠡᠷᠡᠭᠦᠯᠵᠦ᠂ ᠲᠠᠴᠢᠷᠰᠢᠭᠰᠠᠨ ᠨᠤᠲᠤᠭ ᠪᠡᠯᠴᠢᠭᠡᠷ ᠢ ᠵᠠᠰᠠᠨ ᠰᠡᠷᠭᠦᠭᠡᠬᠦ᠂ ᠡᠯᠡᠰᠦᠷᠬᠡᠭ ᠭᠠᠵᠠᠷ ᠢ ᠵᠠᠰᠠᠬᠤ᠂ ᠬᠤᠵᠢᠷᠯᠢᠭ ᠭᠠᠵᠠᠷ ᠢ ᠰᠠᠶᠢᠵᠢᠷᠠᠭᠤᠯᠬᠤ ᠵᠡᠷᠭᠡ  ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠠᠯᠢ ᠣᠯᠠᠨ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠵᠦ᠂ ᠬᠥᠩᠭᠡᠨ᠂ ᠳᠤᠮᠳᠠ᠂ ᠬᠦᠨᠳᠦ ᠲᠠᠰ ᠤᠨ ᠴᠦᠯᠯᠡᠷᠭᠡᠭᠵᠢᠭᠰᠡᠨ ᠭᠠᠵᠠᠷ ᠰᠢᠷᠣᠢ ᠶᠢ ᠵᠠᠰᠠᠭᠰᠠᠨ ᠬᠡᠮᠵᠢᠶ᠎ᠡ  ᠮᠢᠩᠭᠠᠨ ᠲᠦᠮᠡᠨ ᠮᠦ ᠳᠤ ᠣᠶᠢᠷᠠᠲᠤᠵᠠᠢ︾᠃  ᠮᠧᠩ ᠼᠤᠤ ᠪᠦᠯᠦᠭᠯᠡᠯ ᠤᠨ ᠦᠷ᠎ᠡ ᠡᠳ᠋ ᠤᠨ ᠡᠬᠢ ᠪᠠᠶᠠᠯᠢᠭ ᠵᠢᠴᠢ ᠰᠢᠯᠭᠠᠨ ᠪᠠᠶᠢᠴᠠᠭᠠᠯᠲᠠ ᠶᠢᠨ ᠲᠥᠪ ᠤᠨ ᠬᠠᠷᠢᠭᠤᠴᠠᠯᠭᠠᠲᠠᠨ ᠵᠧᠩ ᠯᠢ ᠨᠠ᠄ ︽ᠢᠷᠡᠭᠡᠳᠦᠢ ᠳᠤ᠂ ᠪᠢᠳᠡ ᠥᠪᠥᠷ ᠮᠣᠩᠭᠤᠯ ᠤᠨ ᠡᠪᠡᠰᠦᠨ ᠤ ᠦᠷ᠎ᠡ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ ᠲᠦᠰᠢᠭᠯᠡᠵᠦ᠂ ︿ᠠᠮᠢ ᠠᠬᠤᠢ ᠶᠢᠨ ᠲᠦᠷᠦᠯ ᠤᠨ ᠡᠪᠡᠰᠦᠨ ᠤ ᠡᠭᠦᠯᠳᠡᠷ ᠢ ᠰᠣᠩᠭᠤᠨ ᠪᠣᠶᠢᠵᠢᠭᠤᠯᠬᠤ ᠪᠠ ᠥᠨᠳᠥᠷ ᠤᠨᠠᠯᠲᠠ ᠪᠠᠷ ᠦᠷ᠎ᠡ ᠪᠣᠶᠢᠵᠢᠭᠤᠯᠬᠤ﹀ ᠵᠡᠷᠭᠡ 6 ᠶᠡᠭᠡ ᠴᠢᠭᠯᠡᠯ ᠤᠨ ᠲᠣᠭᠤᠷᠢᠨ ᠳᠤ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠤᠯᠲᠠ ᠬᠢᠵᠦ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ︿ᠪᠣᠶᠢᠵᠢᠭᠤᠯᠬᠤ ᠦᠷᠡᠵᠢᠭᠦᠯᠬᠦ ᠳᠡᠯᠭᠡᠷᠡᠭᠦᠯᠬᠦ﹀ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠭᠢᠭᠤᠯᠤᠨ᠎ᠠ; ᠨᠤᠲᠤᠭ ᠪᠡᠯᠴᠢᠭᠡᠷ ᠤᠨ ᠠᠮᠢ ᠠᠬᠤᠢ ᠶᠢ ᠵᠠᠰᠠᠨ ᠰᠡᠷᠭᠦᠭᠡᠬᠦ ᠤᠯᠤᠰ ᠤᠨ ᠰᠢᠨ᠎ᠡ ᠶᠢ ᠡᠭᠦᠳᠬᠦ ᠬᠤᠯᠪᠤᠭ᠎ᠠ᠂ ᠤᠯᠤᠰ ᠤᠨ ᠣᠶ ᠰᠢᠭᠤᠢ ᠨᠤᠲᠤᠭ ᠪᠡᠯᠴᠢᠭᠡᠷ ᠤᠨ ᠰᠠᠯᠬᠢᠨ ᠳᠤ ᠢᠳᠡᠭᠳᠡᠵᠦ ᠡᠯᠡᠰᠦᠷᠬᠡᠭᠵᠢᠬᠦ ᠶᠢ ᠰᠡᠷᠭᠡᠶᠢᠯᠡᠨ ᠵᠠᠰᠠᠬᠤ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠳᠤ ᠲᠦᠰᠢᠭᠯᠡᠨ᠂ ᠴᠥᠯᠯᠡᠷᠭᠡᠭᠵᠢᠯ ᠢ ᠰᠡᠷᠭᠡᠶᠢᠯᠡᠨ ᠵᠠᠰᠠᠬᠤ  ᠠᠯᠢ ᠣᠯᠠᠨ ᠮᠡᠷᠭᠡᠵᠢᠯ ᠤᠨ ᠰᠢᠰᠲ᠋ᠧᠮ᠂ ᠮᠡᠷᠭᠡᠵᠢᠯ ᠤᠨ ᠪᠠᠷᠢᠮᠵᠢᠶ᠎ᠠ ᠶᠢ ᠲᠣᠭᠲᠠᠭᠠᠵᠤ᠂ ᠴᠥᠯᠯᠡᠷᠭᠡᠭᠵᠢᠭᠰᠡᠨ ᠭᠠᠵᠠᠷ ᠰᠢᠷᠣᠢ ᠶᠢ ᠨᠠᠷᠢᠯᠢᠭ ᠣᠨᠣᠪᠴᠢᠲᠠᠶ ᠪᠠ ᠦᠷᠭᠦᠯᠵᠢᠯᠡᠨ ᠵᠠᠰᠠᠨ ᠰᠡᠷᠭᠦᠭᠡᠬᠦ ᠶᠢ ᠪᠡᠶᠡᠯᠡᠭᠦᠯᠦᠨ᠎ᠡ︾ ᠭᠡᠪᠡ᠃      ᠬᠥᠯᠥᠨ ᠪᠤᠶᠢᠷ ᠬᠤᠳᠠ ᠶᠢᠨ ᠮᠣᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠮᠧᠩ ᠳ᠋ᠠ ᠶᠢᠩ᠄ ︽ᠲᠠᠷᠠᠭᠠᠴᠢ ᠶᠢᠨ ᠠᠯᠬᠤᠮ ᠳᠤ᠂ ᠪᠢ ᠲᠤᠰ ᠤᠳᠠᠭ᠎ᠠ ᠶᠢᠨ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠬᠤ ᠶᠢᠨ ᠬᠠᠮᠲᠤ ᠤᠯᠠᠮᠵᠢᠯᠠᠨ ᠰᠤᠷᠤᠯᠴᠠᠬᠤ ᠠᠵᠢᠯ ᠢ ᠴᠠᠭ ᠲᠤᠬᠠᠢ ᠳᠤᠨᠢ ᠰᠠᠶᠢᠲᠤᠷ ᠬᠢᠵᠦ᠂ ᠪᠦᠭᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠤᠶᠠᠷ ᠶᠡᠭᠡ ᠶᠠᠪᠤᠳᠠᠯ ᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠮᠣᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠥᠷᠨᠢᠭᠦᠯᠦᠨ᠎ᠡ᠃ ︿ᠤᠮᠠᠷᠠᠲᠤ   ᠶᠢᠨ ᠭᠤᠷᠪᠠᠨ ᠣᠷᠣᠨ﹀ ᠤ  ᠬᠠᠯᠬᠠᠪᠴᠢ ᠣᠶ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠦᠴᠦᠲᠡᠢ ᠠᠬᠢᠭᠤᠯᠤᠨ᠎ᠠ᠃ ᠳᠠᠪᠠᠭᠤᠯᠢᠭ ᠡᠬᠢ ᠪᠠᠶᠠᠯᠢᠭ ᠢ ᠣᠨᠳᠣᠣᠰᠢᠭᠤᠯᠤᠨ ᠠᠰᠢᠭᠯᠠᠬᠤ ᠶᠢ ᠬᠦᠴᠦᠯᠡᠨ ᠠᠬᠢᠭᠤᠯᠵᠤ᠂ ᠬᠤᠸᠠ ᠨᠧᠩ ᠭᠡᠷᠡᠯ ᠴᠠᠭᠢᠯᠭᠠᠨ᠂ ᠰᠠᠯᠬᠢᠨ ᠬᠦᠴᠦᠨ ᠤ ᠴᠠᠭᠢᠯᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ  ᠠᠬᠢᠭᠤᠯᠤᠨ᠎ᠠ᠃ 2023 ᠣᠨ ᠤ 35 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠦᠭᠦ ᠵᠢᠯ ᠤᠨ ᠠᠮᠤ ᠪᠤᠳᠠᠭᠠᠨ ᠤ ᠤᠨᠠᠯᠲᠠ ᠶᠢ 38.3 ᠳ᠋ᠦᠩᠰᠢᠭᠤᠷ ᠵᠢᠩ ᠳᠤ ᠲᠣᠭᠲᠠᠪᠤᠷᠢᠵᠢᠭᠤᠯᠬᠤ ᠶᠢ ᠪᠦᠭᠦ ᠬᠦᠴᠦᠨ ᠢᠶᠠᠷ ᠢᠶᠠᠨ ᠪᠠᠲᠤᠯᠠᠵᠤ᠂ ᠠᠮᠤ ᠪᠤᠳᠠᠭᠠᠨ ᠤ ᠭᠠᠷᠤᠯᠲᠠ ᠶᠡᠬᠡᠲᠡᠢ ᠰᠢᠶᠠᠨ᠂ ᠰᠢᠷ᠎ᠠ ᠪᠤᠷᠴᠠᠭ ᠤᠨ ᠨᠤᠲᠤᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠎ᠠ︾ ᠭᠡᠪᠡ᠃      ᠲᠠᠶᠢᠰᠠᠨ ᠤ ᠳᠡᠭᠡᠷ᠎ᠡ ᠳᠣᠣᠷ᠎ᠠ᠂ ᠬᠤᠷᠠᠯ ᠤᠨ ᠲᠠᠯᠠᠪᠠᠢ ᠶᠢᠨ ᠳᠣᠲᠣᠨ᠎ᠠ ᠭᠠᠳᠠᠨ᠎ᠠ  ᠦᠵᠡᠯ ᠰᠠᠨᠠᠭ᠎ᠠ ᠨᠡᠩ ᠲᠥᠪᠯᠡᠷᠡᠵᠦ᠂ ᠬᠦᠴᠦᠨ ᠴᠢᠳᠠᠯ ᠨᠡᠩ ᠨᠢᠭᠲᠠᠷᠠᠵᠤ᠂ ᠢᠲᠡᠭᠡᠯ ᠵᠣᠷᠢᠭ ᠨᠡᠩ ᠬᠥᠪᠴᠢᠯᠡᠭᠳᠡᠯ᠎ᠡ᠃ ᠥᠪᠥᠷ ᠮᠣᠩᠭᠤᠯ ᠪᠣᠳᠠᠲᠠᠢ ᠠᠵᠢᠯᠯᠠᠬᠤ ᠶᠢ ᠴᠢᠬᠤᠯᠠᠴᠢᠯᠠᠵᠤ ᠳᠠᠬᠢᠨᠲᠠ ᠮᠣᠷᠳᠠᠨᠠᠮ︕
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号