ᠥᠨᠥᠳᠦᠷ ︵7 ᠳ᠋ᠤᠭᠠᠷ ᠰᠠᠷ᠎ᠠ ᠶᠢᠨ 6 ᠤ ᠡᠳᠦᠷ︶ ᠡᠮᠦᠨᠡᠲᠦ ᠤᠮᠠᠷᠠᠲᠤ ᠣᠷᠣᠨ ᠤ ᠬᠤᠶᠠᠷ ᠶᠡᠭᠡ ᠬᠡᠰᠡᠭ | ᠭᠠᠵᠠᠷ ᠣᠷᠣᠨ ᠳᠤ ᠥᠨᠳᠦᠷ ᠬᠠᠯᠠᠭᠤᠨ ᠪᠣᠯᠣᠨ᠎ᠠ᠃ ᠪᠡᠭᠡᠵᠢᠩ᠂ ᠲᠢᠶᠠᠨᠵᠢᠨ᠂ ᠾᠧᠪᠸᠢ᠂ ᠱᠠᠨᠳᠦ᠋ᠩ᠂ ᠾᠧᠨᠠᠨ᠂ | ᠰᠢᠨᠵᠢᠶᠠᠩ ᠵᠡᠷᠭᠡ ᠭᠠᠵᠠᠷ ᠲᠤ ᠥᠨᠳᠥᠷ ᠬᠠᠯᠠᠭᠤᠨ ᠦᠷᠭᠦᠯᠵᠢᠯᠡᠵᠤ᠂ ᠬᠡᠰᠡᠭ ᠭᠠᠵᠠᠷ ᠤᠨ ᠬᠠᠯᠠᠭᠤᠨ 40 | ᠭᠷᠠᠳᠦ᠋ᠰ ᠲᠤ ᠬᠦᠷᠦᠨ᠎ᠡ᠃ | 8 ᠤ ᠡᠳᠦᠷ ᠠᠴᠠ 10 ᠤ ᠡᠳᠦᠷ ᠪᠣᠯᠲᠠᠯ᠎ᠠ᠂ ᠪᠣᠷᠣᠭᠠᠨ ᠤᠷᠤᠭᠰᠠᠨ ᠪᠠ ᠬᠦᠢᠲᠡᠨ ᠤᠷᠤᠰᠬᠠᠯ ᠤᠨ | ᠨᠥᠯᠥᠭᠡ ᠪᠠᠷ ᠤᠮᠠᠷᠠᠲᠤ ᠣᠷᠣᠨ ᠤ ᠥᠨᠳᠥᠷ ᠬᠠᠯᠠᠭᠤᠨ ᠤ ᠬᠡᠪᠴᠢᠶ᠎ᠡ ᠪᠠᠭᠠᠰᠴᠤ᠂ ᠪᠡᠭᠡᠵᠢᠩ᠂ ᠲᠢᠶᠠᠨᠵᠢᠨ᠂ | ᠾᠧᠪᠸᠢ ᠶᠢᠨ ᠬᠤᠶᠢᠲᠤ ᠬᠡᠰᠡᠭ᠂ ᠯᠢᠶᠣᠤᠨᠢᠩ ᠤᠨ ᠪᠠᠷᠠᠭᠤᠨ ᠡᠮᠦᠨᠡᠲᠦ ᠬᠡᠰᠡᠭ ᠵᠡᠷᠭᠡ ᠭᠠᠵᠠᠷ ᠤᠨ ᠥᠨᠳᠥᠷ | ᠬᠠᠯᠠᠭᠤᠨ ᠲᠦᠷ ᠪᠠᠭᠤᠷᠠᠬᠤ ᠪᠣᠯᠣᠨ᠎ᠠ᠂ ᠭᠡᠪᠡᠴᠦ ᠾᠧᠪᠸᠢ ᠶᠢᠨ ᠳᠤᠮᠳᠠ ᠪᠡᠶ᠎ᠡ ᠶᠢᠨ ᠡᠮᠦᠨᠡᠲᠦ ᠬᠡᠰᠡᠭ᠂ ᠾᠧᠨᠠᠨ ᠤ | ᠳᠤᠮᠳᠠ ᠪᠡᠶ᠎ᠡ ᠶᠢᠨ ᠬᠤᠶᠢᠲᠤ ᠬᠡᠰᠡᠭ᠂ ᠱᠠᠨᠳᠦ᠋ᠩ ᠤᠨ ᠪᠠᠷᠠᠭᠤᠨ ᠪᠡᠶ᠎ᠡ ᠵᠡᠷᠭᠡ ᠭᠠᠵᠠᠷ ᠤᠨ ᠥᠨᠳᠥᠷ ᠬᠠᠯᠠᠭᠤᠨ | ᠦᠷᠭᠦᠯᠵᠢᠯᠡᠨ᠎ᠡ᠃ | ᠡᠭᠦᠨ ᠤ ᠬᠠᠮᠲᠤ᠂ ᠬᠤᠶᠢᠰᠢᠳᠠ ᠶᠢᠨ ᠭᠤᠷᠪᠠᠨ ᠬᠤᠨᠤᠭ ᠲᠤ ᠥᠪᠥᠷ ᠮᠣᠩᠭᠤᠯ ᠤᠨ ᠳᠤᠮᠳᠠ ᠪᠡᠶ᠎ᠡ | ᠶᠢᠨ ᠵᠡᠭᠦᠨ ᠬᠡᠰᠡᠭ᠂ ᠵᠡᠭᠦᠨ ᠬᠤᠶᠢᠲᠤ ᠣᠷᠣᠨ ᠤ ᠪᠠᠷᠠᠭᠤᠨ ᠡᠮᠦᠨᠡᠲᠦ ᠪᠡᠶ᠎ᠡ ᠵᠡᠷᠭᠡ ᠭᠠᠵᠠᠷ ᠢᠶᠠᠷ ᠪᠠᠰᠠ | ᠳᠤᠮᠳᠠ ᠠᠴᠠ ᠶᠡᠭᠡ ᠪᠣᠷᠣᠭᠠᠨ ᠣᠷᠣᠵᠤ᠂ ᠬᠡᠰᠡᠭ ᠭᠠᠵᠠᠷ ᠲᠤ ᠰᠢᠷᠦᠭᠦᠨ ᠪᠣᠷᠣᠭᠠᠨ ᠣᠷᠣᠨ᠎ᠠ᠃ |