ᠦᠰᠦᠭ ᠪᠢᠴᠢᠭ ᠤᠨ ᠲᠠᠶᠢᠯᠤᠮᠵᠢ᠄ ︽ᠦᠴᠦᠸᠠᠨ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ︵ᠲᠤᠷᠰᠢᠨ ᠬᠡᠷᠡᠭᠵᠢᠭᠦᠯᠬᠦ︶︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/8/1
     ᠨᠢᠭᠡ᠂ ᠨᠡᠶᠢᠲᠡᠯᠡᠭᠰᠡᠨ ᠠᠬᠤᠢ ᠪᠠᠶᠢᠳᠠᠯ      ︽ᠦᠴᠦᠸᠠᠨ ᠰᠢᠶᠠᠨ ᠤ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠵᠣᠷᠢᠭᠵᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ︽ᠦᠴᠦᠸᠠᠨ ᠰᠢᠶᠠᠨ ᠤ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠵᠣᠷᠢᠭᠵᠢᠭᠤᠯᠵᠤ ᠬᠡᠷᠡᠭᠯᠡᠭᠡᠨ ᠤ ᠨᠡᠮᠡᠭᠳᠡᠯ ᠢ ᠠᠬᠢᠭᠤᠯᠬᠤ ᠠᠷᠭ᠎ᠠ ᠬᠡᠮᠵᠢᠶ᠎ᠡ ᠨᠦᠭᠦᠳ︾ ᠨᠢ ︽ᠦᠴᠦᠸᠠᠨ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ︵ᠦᠴᠦᠸᠠᠨ ᠵᠠᠰᠠᠭ ᠲᠠᠷᠬᠠᠭᠠᠭᠰᠠᠨ ﹇2021﹈ 56 ᠳ᠋ᠤᠭᠠᠷ ᠲᠣᠭᠠᠲᠤ︶ ᠶᠢᠨ ᠪᠢᠴᠢᠭ ᠮᠠᠲ᠋ᠧᠷᠢᠶᠠᠯ ᠤᠨ ᠠᠭᠤᠯᠭ᠎ᠠ ᠲᠠᠢ ᠮᠥᠷᠭᠦᠯᠳᠦᠭᠡᠨ ᠲᠠᠢ ᠪᠣᠯᠬᠤᠷ ︽ᠦᠴᠦᠸᠠᠨ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ︵ᠲᠤᠷᠰᠢᠨ ᠬᠡᠷᠡᠭᠵᠢᠭᠦᠯᠬᠦ︶︾ ᠳᠤ ᠰᠢᠨ᠎ᠡ ᠪᠠᠷ ᠵᠠᠰᠠᠪᠤᠷᠢ ᠣᠷᠣᠭᠤᠯᠪᠠ᠃ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠤᠳᠤᠷᠢᠳᠤᠯᠭ᠎ᠠ ᠪᠦᠯᠬᠦᠮ ᠳᠠᠭᠠᠭᠤᠯᠤᠨ ᠬᠤᠳᠠᠯᠳᠤᠭᠠᠴᠢᠨ ᠤᠷᠢᠬᠤ᠂ ᠪᠥᠬᠦ ᠠᠵᠢᠯᠲᠠᠨ ᠬᠤᠳᠠᠯᠳᠤᠭᠠᠴᠢᠨ ᠤᠷᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ᠂ ᠺᠠᠳ᠋ᠷ᠂ ᠨᠡᠶᠢᠭᠡᠮ ᠤᠨ ᠪᠦᠯᠬᠦᠮ ᠤᠨ ᠢᠳᠡᠪᠬᠢᠲᠡᠢ ᠪᠠᠷ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠵᠣᠷᠢᠭᠵᠢᠭᠤᠯᠤᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠰᠢᠯᠭᠠᠨ ᠦᠨᠡᠯᠡᠬᠦ ᠶᠢᠨ ᠴᠢᠬᠤᠯᠠ ᠠᠭᠤᠯᠭ᠎ᠠ ᠪᠣᠯᠭᠠᠨ᠎ᠠ᠃      ᠬᠤᠶᠠᠷ᠂ ᠴᠢᠬᠤᠯᠠ ᠠᠴᠢ ᠬᠤᠯᠪᠣᠭᠳᠠᠯ      ︵ᠨᠢᠭᠡ︶  ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠥᠬᠡᠬᠤᠲᠠ ᠶᠢᠨ ᠵᠢᠷᠭᠤᠭᠠᠨ ᠶᠡᠭᠡ ᠠᠵᠤ ᠦᠢᠯᠡᠰ ᠤᠨ ᠪᠦᠭᠡᠮᠨᠡᠷᠡᠯ ᠢ ᠪᠣᠶ ᠪᠣᠯᠭᠠᠬᠤ ᠶᠡᠷᠦᠩᠬᠡᠢ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠵᠢᠷᠭᠤᠭᠠᠨ ᠰᠢᠨ᠎ᠡ ᠦᠴᠦᠸᠠᠨ ᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠲᠠᠢ ᠨᠢᠭᠲᠠ ᠤᠶᠠᠯᠳᠤᠭᠤᠯᠤᠨ᠂ ᠣᠷᠣᠨ ᠤ ᠳᠣᠲᠣᠭᠠᠳᠤ ᠭᠠᠳᠠᠭᠠᠳᠤ ᠶᠢᠨ ᠰᠢᠯᠢᠳᠡᠭ ᠠᠵᠤ ᠠᠬᠤᠢ ᠶᠢᠨ ᠬᠦᠴᠦᠨ ᠵᠦᠢᠯ ᠢ ᠦᠴᠦᠸᠠᠨ ᠳᠤ ᠲᠡᠳᠡᠨ ᠴᠤᠭᠯᠠᠷᠠᠭᠤᠯᠵᠤ᠂ ᠮᠠᠨ ᠤ ᠰᠢᠶᠠᠨ ᠤ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠲᠦᠯᠬᠢᠨ ᠠᠬᠢᠭᠤᠯᠬᠤ ᠳᠤ ᠠᠰᠢᠭᠲᠠᠢ ᠶᠤᠮ᠃      ︵ᠬᠤᠶᠠᠷ︶ ︽ᠲᠦᠷᠦ ᠶᠢᠨ ᠪᠣᠳᠣᠯᠭ᠎ᠠ︾ ᠳᠤ ᠵᠠᠰᠠᠪᠤᠷᠢ ᠣᠷᠣᠭᠤᠯᠬᠤ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠵᠢᠴᠢ ᠪᠦᠬᠦ ᠰᠢᠶᠠᠨ ᠤ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠪᠠᠷᠢᠮᠲᠠᠯᠠᠬᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠬᠤ ᠶᠢᠨ ᠠᠮᠢᠳᠤᠯᠢᠭ ᠢᠯᠡᠷᠡᠯ ᠪᠣᠯᠣᠨ᠎ᠠ᠂ ᠡᠨᠡ ᠨᠢ ᠦᠴᠦᠸᠠᠨ ᠰᠢᠶᠠᠨ ᠤ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢᠨ ᠭᠠᠵᠠᠷ᠂ ᠰᠣᠶᠣᠯ ᠵᠤᠭᠠᠴᠠᠯ ᠤᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ᠂ ᠴᠡᠪᠡᠷ ᠡᠨᠧᠷᠭᠢ ᠶᠢᠨ ᠭᠠᠷᠭᠠᠯᠲᠠ ᠶᠢᠨ ᠰᠠᠭᠤᠷᠢᠨ ᠭᠠᠵᠠᠷ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠰᠠᠭᠤᠷᠢᠨ ᠭᠠᠵᠠᠷ ︽ᠲᠦᠷᠪᠡᠨ ᠠᠵᠤ ᠦᠢᠯᠡᠰ ᠤᠨ ᠰᠠᠭᠤᠷᠢᠨ ᠭᠠᠵᠠᠷ︾  ᠢ ᠪᠦᠬᠦ ᠬᠦᠴᠦᠨ ᠢᠶᠠᠷ ᠢᠶᠠᠨ ᠪᠠᠶᠢᠭᠤᠯᠬᠤ᠂ ᠠᠷᠠᠳ ᠢ ᠪᠠᠶᠠᠵᠢᠭᠤᠯᠵᠤ ᠰᠢᠶᠠᠨ ᠢ ᠬᠦᠴᠦᠷᠬᠡᠭᠵᠢᠭᠦᠯᠬᠦ ᠠᠵᠢᠯ ᠢ ᠭᠦᠨᠵᠡᠭᠡᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠦᠷᠢᠨ ᠲᠡᠭᠦᠯᠳᠡᠷ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠳᠤ ᠠᠰᠢᠭᠲᠠᠢ ᠶᠤᠮ᠃      ᠭᠤᠷᠪᠠ᠂ ᠰᠢᠨ᠎ᠡ ᠬᠠᠭᠤᠴᠢᠨ ᠲᠦᠷᠦ ᠶᠢᠨ ᠪᠣᠳᠣᠯᠭ᠎ᠠ ᠶᠢᠨ ᠵᠥᠷᠢᠶ᠎ᠡ      ᠲᠣᠰ ᠲᠥᠷᠥ ᠶᠢᠨ ᠪᠣᠳᠣᠯᠭ᠎ᠠ ᠳᠤ ᠤᠤᠯ ᠤᠨ ︽ᠦᠴᠦᠸᠠᠨ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ︵ᠦᠴᠦᠸᠠᠨ ᠵᠠᠰᠠᠭ ᠲᠠᠷᠬᠠᠭᠠᠭᠰᠠᠨ ﹇2021﹈ 56 ᠳ᠋ᠤᠭᠠᠷ ᠲᠣᠭᠠᠲᠤ︶ ᠶᠢᠨ ᠪᠢᠴᠢᠭ ᠮᠠᠲ᠋ᠧᠷᠢᠶᠠᠯ ᠤᠨ ᠨᠢᠭᠡᠳᠦᠭᠡᠷ ᠵᠦᠢᠯ ᠪᠠ ᠬᠤᠶᠠᠳᠤᠭᠠᠷ ᠵᠦᠢᠯ ᠳᠠᠬᠢ ᠬᠡᠰᠡᠭ ᠠᠭᠤᠯᠭ᠎ᠠ ᠶᠢ ᠦᠯᠡᠳᠡᠭᠡᠵᠦ᠂ ᠦᠯᠡᠳᠡᠭᠰᠡᠨ ᠬᠡᠰᠡᠭ ᠢ ᠨᠢ ᠴᠥᠮ ᠰᠢᠨ᠎ᠡ ᠪᠠᠷ ᠵᠠᠰᠠᠪᠠ᠃      ᠳᠥᠷᠪᠡ᠂ ᠭᠤᠣᠯ ᠠᠭᠤᠯᠭ᠎ᠠ      ᠲᠤᠰ ᠲᠦᠷᠦ ᠶᠢᠨ ᠪᠣᠳᠣᠯᠭ᠎ᠠ ᠨᠡᠶᠢᠳᠡ ᠲᠦᠷᠪᠡᠨ ᠪᠦᠯᠦᠭ᠂ ᠠᠷᠪᠠᠨ ᠨᠠᠢᠮᠠᠨ ᠵᠦᠢᠯ ᠤᠨ ᠠᠭᠤᠯᠭ᠎ᠠ ᠲᠠᠢ᠃      ︵ᠨᠢᠭᠡ︶ ᠬᠡᠷᠡᠭᠯᠡᠬᠦ ᠬᠡᠪᠴᠢᠶ᠎ᠡ      ᠡᠭᠦᠨ ᠳᠤ ᠨᠢᠭᠡ ᠵᠦᠢᠯ ᠤᠨ ᠠᠭᠤᠯᠭ᠎ᠠ ᠪᠠᠭᠲᠠᠨ᠎ᠠ᠂ ᠭᠤᠣᠯᠳᠠᠭᠤ ᠲᠤᠰ ᠲᠦᠷᠦ ᠶᠢᠨ ᠪᠣᠳᠣᠯᠭ᠎ᠠ ᠶᠢ ᠬᠡᠷᠡᠭᠯᠡᠬᠦ ᠬᠡᠪᠴᠢᠶ᠎ᠡ ᠪᠣᠯᠣᠨ᠎ᠠ᠃      ︵ᠬᠤᠶᠠᠷ︶ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ      ᠡᠭᠦᠨ ᠳᠤ ᠲᠤᠯᠤᠭᠠᠨ ᠵᠦᠢᠯ ᠤᠨ ᠠᠭᠤᠯᠭ᠎ᠠ ᠪᠠᠭᠲᠠᠨ᠎ᠠ᠂ ᠭᠤᠣᠯᠳᠠᠭᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ︵ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠬᠤ ᠵᠠᠷᠤᠳᠠᠯ ᠢ ᠪᠠᠭᠲᠠᠭᠠᠬᠤ ᠦᠭᠡᠢ︶ ᠶᠢᠨ ᠬᠡᠪᠴᠢᠶ᠎ᠡ ᠨᠢ ᠱᠠᠭᠠᠷᠳᠠᠯᠭ᠎ᠠ ᠳᠤ ᠬᠦᠷᠦᠭᠰᠡᠨ ᠠᠵᠤ ᠠᠬᠤᠶᠢᠯᠠᠯ᠂ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠣᠨ  ᠠᠴᠠ ᠡᠬᠢᠯᠡᠨ ᠮᠠᠨ ᠤ ᠰᠢᠶᠠᠨ ᠳᠤ ᠡᠷᠦᠬᠡ ᠠᠮᠠ ᠲᠠᠢ 30 ᠠᠴᠠ ᠳᠡᠭᠡᠭᠰᠢ ᠬᠥᠮᠥᠨ ᠤ ᠠᠵᠢᠯ ᠣᠯᠭᠤᠯᠲᠠ ᠶᠢ ᠰᠢᠢᠳᠪᠦᠷᠢᠯᠡᠭᠰᠡᠨ ᠪᠥᠭᠡᠳ ᠬᠡᠪ ᠤᠨ ᠶᠣᠰᠣᠭᠠᠷ ᠭᠠᠶᠢᠯᠢ ᠲᠤᠰᠢᠶᠠᠭᠰᠠᠨ ᠠᠵᠤ ᠠᠬᠤᠶᠢᠯᠠᠯ︔ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠᠷ ᠳᠠᠮᠵᠢᠭᠤᠯᠤᠨ ᠮᠠᠨ ᠤ ᠰᠢᠶᠠᠨ ᠳᠤ ᠣᠷᠣᠵᠤ ᠰᠠᠭᠤᠨ ᠠᠰᠢᠭᠯᠠᠯᠲᠠ ᠳᠤ ᠣᠷᠣᠭᠰᠠᠨ ᠡᠳᠦᠷ ᠠᠴᠠ ᠡᠬᠢᠯᠡᠨ ᠳ᠋ᠣᠺᠲ᠋ᠣᠷ ᠪᠤᠶᠤ ᠮᠠᠰᠲ᠋ᠧᠷ ᠪᠤᠶᠤ ᠳᠡᠭᠡᠳᠦ ᠪᠤᠶᠤ ᠳᠡᠳ᠋ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠲᠠᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠭᠰᠠᠨ ᠠᠵᠤ ᠠᠬᠤᠶᠢᠯᠠᠯ ᠂ ᠲᠣᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠥᠷᠳᠡᠵᠦ ᠪᠠᠶᠢᠭ᠎ᠠ ᠠᠵᠤ ᠠᠬᠤᠶᠢᠯᠠᠯ ᠤᠨ ᠳᠡᠭᠡᠳᠦ ᠵᠡᠷᠭᠡ ᠶᠢᠨ ᠴᠢᠳᠠᠪᠤᠷᠢᠲᠠᠨ ᠪᠤᠶᠤ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ︵ᠬᠡᠷᠡᠭ ᠮᠡᠳᠡᠭᠴᠢ᠂ ᠬᠡᠷᠡᠭ ᠬᠢᠨᠠᠭᠴᠢ᠂ ᠶᠡᠷᠦᠩᠬᠡᠢ ᠳᠠᠭᠠᠭᠠᠮᠠᠯ᠂ ᠳᠡᠳ᠋ ᠶᠡᠷᠦᠩᠬᠡᠢ ᠳᠠᠭᠠᠭᠠᠮᠠᠯ︶᠂ ᠠᠵᠢᠯ ᠣᠯᠣᠭᠠᠳᠤᠢ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠲᠤ ᠠᠵᠢᠯ ᠣᠯᠭᠤᠭᠰᠠᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠤ ᠠᠬᠤᠶᠢᠯᠠᠯ᠂ ᠮᠠᠨ ᠤ ᠰᠢᠶᠠᠨ ᠳᠤ ᠢᠷᠡᠵᠦ ᠦᠢᠯᠡᠳᠪᠦᠷᠢᠯᠡᠯ ᠡᠵᠡᠩᠨᠡᠯᠲᠡ ᠬᠢᠵᠦ ᠪᠠᠶᠢᠭ᠎ᠠ ᠪᠡᠯᠡ ᠣᠷᠣᠭᠤᠯᠤᠭᠴᠢ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠵᠢᠴᠢ ᠬᠠᠤᠯᠢ ᠶᠣᠰᠣᠭᠠᠷ ᠨᠢᠭᠡ ᠵᠢᠯ ᠠᠴᠠ ᠳᠡᠭᠡᠭᠰᠢ ᠭᠠᠶᠢᠯᠢ ᠲᠤᠰᠢᠶᠠᠭᠰᠠᠳ᠂ ᠣᠷᠣᠵᠤ ᠰᠠᠭᠤᠬᠤ ᠳᠤ ᠭᠠᠷᠳᠠᠮ ᠭᠦᠢᠴᠡᠳᠬᠡᠬᠦ ᠴᠢᠬᠤᠯᠠᠲᠠᠢ ᠠᠵᠤ ᠠᠬᠤᠶᠢᠯᠠᠯ ᠳᠤ ᠬᠠᠷᠢᠯᠴᠠᠨ ᠵᠣᠬᠢᠴᠠᠯᠳᠤᠭᠰᠠᠨ ᠲᠡᠳᠬᠦᠬᠦ ᠲᠥᠷᠥ ᠶᠢᠨ ᠪᠣᠳᠣᠯᠭ᠎ᠠ ᠶᠢ ᠬᠠᠩᠭᠠᠨ᠎ᠠ᠃      ︵ᠭᠤᠷᠪᠠ︶ ᠱᠠᠩᠨᠠᠬᠤ ᠠᠷᠭ᠎ᠠ      ᠡᠭᠦᠨ ᠳᠤ ᠭᠤᠷᠪᠠᠨ ᠵᠦᠢᠯ ᠤᠨ ᠠᠭᠤᠯᠭ᠎ᠠ ᠪᠠᠭᠲᠠᠨ᠎ᠠ᠂ ᠭᠤᠣᠯᠳᠠᠭᠤ ᠡᠯ᠎ᠡ ᠨᠡᠶᠢᠭᠡᠮ ᠤᠨ ᠪᠦᠯᠬᠦᠮ᠂ ᠠᠵᠤ ᠠᠬᠤᠶᠢᠯᠠᠯ᠂ ᠠᠷᠠᠳ ᠤᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ︵ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠠᠯᠪᠠᠨ ᠲᠤᠰᠢᠶᠠᠯᠲᠠᠨ ᠪᠠᠭᠲᠠᠬᠤ ᠦᠭᠡᠢ︶ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠳᠤᠮᠳᠠ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠱᠠᠩᠨᠠᠨ ᠬᠥᠬᠢᠭᠦᠯᠬᠦ ᠠᠷᠭ᠎ᠠ︔ ᠤᠯᠤᠰ ᠤᠨ ᠠᠯᠪᠠᠨ ᠲᠤᠰᠢᠶᠠᠯᠲᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠳᠤᠮᠳᠠ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠱᠠᠩᠨᠠᠨ ᠬᠥᠬᠢᠭᠦᠯᠬᠦ ᠠᠷᠭ᠎ᠠ︔ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠᠷ ᠳᠠᠮᠵᠢᠭᠤᠯᠤᠨ ᠮᠠᠨ ᠤ ᠰᠢᠶᠠᠨ ᠤ ᠠᠵᠤ ᠠᠬᠤᠶᠢᠯᠠᠯ ᠳᠤ ᠣᠷᠣᠵᠤ ᠰᠠᠭᠤᠬᠤ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠪᠣᠯᠣᠨ᠎ᠠ᠃      ︵ᠳᠥᠷᠪᠡ︶ ᠳᠠᠭᠠᠯᠳᠤᠭᠤᠯᠤᠭᠰᠠᠨ ᠳᠦᠷᠢᠮ      ᠡᠭᠦᠨ ᠳᠤ ᠲᠤᠯᠤᠭᠠᠨ ᠵᠦᠢᠯ ᠤᠨ ᠠᠭᠤᠯᠭ᠎ᠠ ᠪᠠᠭᠲᠠᠨ᠎ᠠ᠂ ᠭᠤᠣᠯᠳᠠᠭᠤ ᠮᠡᠳᠡᠭᠦᠯᠬᠦ ᠨᠥᠬᠦᠴᠡᠯ︔ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢ ᠰᠢᠢᠳᠪᠦᠷᠢᠯᠡᠬᠦ ᠲᠥᠰᠥᠯ︔ ᠨᠢᠭᠡᠳᠦᠭᠡᠷ ᠵᠦᠢᠯ ᠵᠤᠷᠪᠤᠰ ᠲᠤ ᠲᠣᠭᠲᠠᠭᠠᠭᠰᠠᠨ  ᠠᠴᠠ ᠭᠠᠳᠠᠨᠠᠬᠢ ︽ᠵᠢᠵᠢᠭ ᠠᠪᠤᠷᠭᠤ ᠬᠥᠮᠥᠨ︾ ᠤ ᠠᠵᠤ ᠠᠬᠤᠶᠢᠯᠠᠯ ᠵᠢᠴᠢ ᠭᠤᠷᠪᠠᠳᠤᠭᠠᠷ ᠠᠵᠤ ᠦᠢᠯᠡᠰ ᠤᠨ ᠡᠮᠦᠨᠡᠬᠢ ᠪᠠ ᠳᠤᠮᠳᠠ ᠬᠤᠭᠤᠴᠠᠭᠠᠨ ᠤ ᠣᠷᠣᠭᠤᠯᠤᠯᠲᠠ ᠶᠡᠭᠡ᠂ ᠦᠷ᠎ᠡ ᠠᠰᠢᠭ ᠣᠯᠬᠤ ᠪᠠᠷ ᠤᠳᠠᠭᠠᠨ ᠰᠣᠶᠣᠯ ᠵᠢᠭᠤᠯᠴᠢᠯᠠᠯ᠂ ᠡᠷᠡᠭᠦᠯ ᠮᠡᠨᠳᠦ ᠶᠢᠨ ᠰᠤᠪᠢᠯᠠᠯᠲᠠ ᠶᠢᠨ ᠲᠥᠷᠥᠯ ᠵᠦᠢᠯ ᠳᠤ ᠬᠠᠷᠠᠭᠠᠯᠵᠠᠯ ᠦᠵᠡᠭᠦᠯᠬᠦ ᠲᠥᠰᠥᠯ︔ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠳᠤ ᠴᠢᠬᠤᠯᠠ ᠶᠡᠭᠡ ᠲᠤᠯᠭᠠᠭᠤᠷᠢᠯᠠᠨ ᠳᠠᠶᠢᠴᠢᠯᠠᠬᠤ ᠦᠢᠯᠡᠳᠦᠯ ᠲᠠᠢ ᠬᠤᠯᠪᠣᠭᠳᠠᠯ ᠪᠦᠬᠦᠢ ᠬᠦᠷᠢᠶᠡᠨ ᠤ ᠠᠵᠤ ᠠᠬᠤᠶᠢᠯᠠᠯ ᠳᠤ ᠬᠠᠷᠠᠭᠠᠯᠵᠠᠯ ᠦᠵᠡᠭᠦᠯᠬᠦ ᠲᠥᠰᠥᠯ︔ ᠠᠭᠤᠯᠭ᠎ᠠ ᠳᠤ ᠬᠤᠯᠪᠣᠭᠳᠠᠭᠰᠠᠨ ᠦᠭᠡᠢ ᠰᠢᠢᠳᠪᠦᠷᠢᠯᠡᠬᠦ ᠲᠥᠰᠥᠯ︔ ᠲᠥᠷᠥ ᠶᠢᠨ ᠪᠣᠳᠣᠯᠭ᠎ᠠ ᠶᠢᠨ ᠲᠤᠷᠰᠢᠨ ᠬᠡᠷᠡᠭᠵᠢᠭᠦᠯᠬᠦ ᠬᠤᠭᠤᠴᠠᠭ᠎ᠠ ᠵᠡᠷᠭᠡ ᠠᠭᠤᠯᠭ᠎ᠠ ᠪᠣᠯᠣᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号