ᠦᠴᠦᠸᠠᠨ ᠰᠢᠶᠠᠨ ᠤ 2023 ᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ ᠤᠨ ᠭᠤᠣᠯ ᠰᠡᠳᠦᠪᠲᠦ ᠰᠢᠷᠢᠰ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2023/8/10
      2023 ᠣᠨ ᠤ 8 ᠰᠠᠷ᠎ᠠ ᠶᠢᠨ 8 ᠤ ᠡᠳᠦᠷ ᠪᠣᠯ ᠮᠠᠨ ᠤ ᠤᠯᠤᠰ ᠤᠨ ᠠᠷᠪᠠᠨ ᠲᠠᠪᠤᠳᠠᠭᠢ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ︾ ᠪᠣᠯᠣᠨ᠎ᠠ᠂ ᠡᠨᠡ ᠵᠢᠯ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ ᠤᠨ ᠭᠤᠣᠯ ᠰᠡᠳᠦᠪ ᠨᠢ ︽ᠪᠥᠬᠦ ᠠᠷᠠᠳ ᠪᠡᠶ᠎ᠡ ᠪᠠᠨ ᠴᠢᠬᠢᠷᠠᠭᠵᠢᠭᠤᠯᠵᠤ ᠵᠣᠯ ᠵᠢᠷᠭᠠᠯᠲᠤ ᠠᠮᠢᠳᠤᠷᠠᠯ ᠢ ᠵᠢᠷᠤᠭᠯᠠᠨ᠎ᠠ︾᠃8 ᠰᠠᠷ᠎ᠠ ᠶᠢᠨ 8 ᠤ ᠡᠳᠦᠷ ᠤᠨ ᠣᠷᠣᠢ᠂ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠳᠠᠭᠠᠭᠠᠨ ᠡᠷᠭᠢᠯᠡᠭᠰᠡᠨ 2023 ᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ ᠤᠨ ᠭᠤᠣᠯ ᠰᠡᠳᠦᠪᠲᠦ ᠰᠢᠷᠢᠰ ᠠᠵᠢᠯᠯᠠᠭ᠎ᠠ ᠮᠠᠨ ᠤ ᠰᠢᠶᠠᠨ ᠤ ᠳ᠋ᠧᠩ ᠭᠤᠸᠠᠩ ᠪᠥᠮᠪᠥᠭᠡᠨ ᠲᠠᠯᠠᠪᠠᠶ ᠳᠤ ᠵᠢᠩᠬᠢᠨᠢ ᠪᠠᠷ ᠡᠬᠢᠯᠡᠪᠡ᠃
     ᠠᠵᠢᠯᠯᠠᠭ᠎ᠠ ᠨᠢ ᠶᠢᠰᠦᠳᠦᠭᠡᠷ ᠢᠵᠢ ᠷᠠᠳᠢᠣ᠋ ᠪᠡᠶ᠎ᠡ ᠶᠢᠨ ᠲᠠᠮᠢᠷ ᠤᠨ ᠣᠷᠭᠢᠯᠤᠮ᠎ᠠ ᠬᠠᠯᠠᠭᠤᠨ ᠬᠦᠭ ᠠᠶᠠᠰ ᠤᠨ ᠳᠤᠮᠳᠠ ᠬᠥᠰᠢᠭᠡ ᠪᠠᠨ ᠰᠡᠬᠦᠵᠦ᠂ ᠲᠤᠬᠠᠢ ᠶᠢᠨ ᠲᠠᠯᠠᠪᠠᠢ ᠶᠢᠨ ᠵᠠᠭᠤᠨ ᠬᠥᠮᠥᠨ ᠤ ᠬᠥᠳᠡᠯᠭᠡᠭᠡᠨ ᠨᠢ ᠵᠢᠭᠳᠡ ᠪᠥᠭᠡᠳ ᠬᠦᠴᠦᠨ ᠲᠠᠢ ᠪᠠᠶᠢᠵᠤ᠂ ᠢᠳᠡᠪᠬᠢᠲᠡᠢ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠶᠢ ᠤᠯᠠᠮᠵᠢᠯᠠᠭᠰᠠᠨ ᠢᠶᠠᠷ ᠪᠠᠷᠠᠬᠤ ᠦᠭᠡᠢ ᠪᠠᠰᠠ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠃ᠳᠠᠷᠠᠭ᠎ᠠ ᠪᠠᠷ ᠨᠢ ᠠᠶᠢᠵᠠᠮ ᠴᠣᠬᠢᠯᠭ᠎ᠠ ᠲᠠᠢ ᠠᠭᠤᠳᠠᠮ ᠲᠠᠯᠠᠪᠠᠶ ᠶᠢᠨ ᠪᠥᠵᠢᠭ ︽ᠨᠢᠭᠡ ᠲᠠᠩᠬᠢᠮ ᠳᠤ ᠪᠠᠶᠠᠷᠯᠠᠨ ᠴᠤᠭᠯᠠᠷᠠᠭᠰᠠᠨ ᠨᠢ︾ ︽ᠤᠯᠠᠭᠠᠨ ᠳᠤᠷᠳᠤᠩ ᠪᠥᠵᠢᠭ︾ ︽ᠠᠯᠲᠠᠨ ᠨᠠᠮᠤᠷ ᠢ ᠪᠠᠶᠠᠷᠯᠠᠨ ᠳᠠᠭᠤᠯᠠᠵᠤ ᠪᠥᠵᠢᠭᠯᠡᠭᠰᠡᠨ  ᠨᠢ︾ ᠵᠡᠷᠭᠡ ᠭᠤᠶᠢᠳᠠ ᠰᠠᠶᠢᠬᠠᠨ ᠲᠣᠭᠯᠠᠯᠲᠠ ᠨᠤᠭᠤᠳ ᠲᠠᠯᠠᠪᠠᠶ ᠳᠤ ᠭᠠᠷᠪᠠ᠃ ᠳ᠋ᠧᠩ ᠤᠨ ᠬᠡᠷᠡᠯ ᠳᠣᠣᠷ᠎ᠠ ᠪᠥᠵᠢᠭᠯᠡᠭᠴᠢᠳ ᠴᠤᠭ ᠵᠢᠪᠬᠤᠭ᠎ᠠ ᠲᠡᠭᠦᠯᠳᠡᠷ ᠪᠠᠶᠢᠵᠤ᠂ ᠭᠤᠶᠢᠳᠠ ᠰᠠᠶᠢᠬᠠᠨ ᠪᠥᠵᠢᠭ ᠤᠨ ᠳᠦᠷᠢ ᠪᠠᠶᠢᠳᠠᠯ ᠪᠠ ᠬᠡᠷᠡᠯ ᠰᠠᠴᠤᠷᠠᠩᠭᠤᠢ ᠢᠨᠢᠶᠡᠮᠰᠦᠭᠯᠡᠯ ᠨᠢ ᠲᠤᠬᠠᠢ ᠶᠢᠨ ᠲᠠᠯᠠᠪᠤᠷ ᠲᠤ ᠰᠣᠨᠢᠷᠬᠠᠨ ᠦᠵᠡᠵᠦ ᠪᠠᠶᠢᠭ᠎ᠠ ᠬᠥᠮᠥᠨ ᠨᠢᠭᠡᠪᠦᠷᠢ ᠶᠢ ᠨᠥᠯᠥᠭᠡᠯᠡᠭᠰᠡᠨ ᠢᠶᠠᠷ ᠪᠠᠷᠠᠬᠤ ᠦᠭᠡᠢ᠂ ᠮᠠᠨ ᠤ ᠰᠢᠶᠠᠨ ᠤ ᠣᠯᠠᠨ ᠲᠦᠮᠡᠨ ᠤ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ︾ ᠢ ᠪᠠᠶᠠᠷᠯᠠᠨ ᠤᠭᠲᠤᠬᠤ ᠪᠠᠶᠠᠷ ᠪᠠᠶᠠᠰᠬᠤᠯᠠᠩ ᠲᠠᠢ ᠰᠡᠳᠬᠢᠯᠭᠡ ᠪᠠ ᠰᠠᠶᠢᠨ ᠰᠠᠶᠢᠬᠠᠨ ᠰᠢᠨ᠎ᠡ ᠠᠮᠢᠳᠤᠷᠠᠯ ᠢᠶᠠᠨ ᠬᠠᠮᠲᠤ ᠪᠠᠷ ᠡᠳ᠋ᠯᠡᠬᠦ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠦᠭᠰᠡᠨ ᠪᠠᠶᠢᠨ᠎ᠠ᠃      ᠲᠣᠰ ᠤᠳᠠᠭᠠᠨ ᠤ ᠠᠵᠢᠯᠯᠠᠭ᠎ᠠ ᠨᠢ ᠮᠠᠨ ᠤ ᠰᠢᠶᠠᠨ ᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠵᠤ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠳᠤ ᠬᠠᠮᠲᠤ ᠪᠠᠷ ᠣᠷᠣᠯᠴᠠᠭᠤᠯᠵᠤ᠂ ᠪᠡᠶ᠎ᠡ ᠶᠢᠨ ᠲᠠᠮᠢᠷ ᠤᠨ ᠬᠦᠴᠦᠷᠬᠡᠭ ᠰᠢᠶᠠᠨ ᠤ ᠪᠦᠲᠦᠭᠡᠨ ᠪᠠᠶᠢᠭᠤᠯᠤᠯᠲᠠ ᠶᠢ ᠬᠦᠴᠦᠯᠡᠨ ᠲᠦᠷᠭᠡᠳᠬᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ᠂ ᠦᠴᠦᠸᠠᠨ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢᠨ ᠲᠥᠯᠥᠭᠡ ᠶᠤᠮ︕              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号