ᠦᠴᠦᠸᠠᠨ ᠰᠢᠶᠠᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 103 ᠳ᠋ᠤᠭᠠᠷ ᠤᠳᠠᠭᠠᠨ ᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/10
     8 ᠰᠠᠷ᠎ᠠ ᠶᠢᠨ 7  ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 103 ᠳ᠋ᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ 7 ᠰᠠᠷ᠎ᠠ ᠶᠢᠨ 24 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠲᠤᠬᠠᠢ ᠰᠠᠨᠠᠯ︾ ᠢ ᠤᠯᠠᠮᠵᠢᠯᠠᠨ ᠰᠤᠷᠤᠯᠴᠠᠪᠠ︔ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 88 ᠳ᠋ᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ᠮᠠᠨ ᠤ ᠰᠢᠶᠠᠨ ᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠮᠠᠨ ᠤ ᠰᠢᠶᠠᠨ ᠤ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ᠂ ᠬᠥᠳᠡᠭᠡ ᠲᠣᠰᠬᠤᠨ ᠤ ᠬᠥᠮᠥᠨ ᠮᠠᠯ ᠤᠨ ᠤᠤᠭᠤᠬᠤ ᠤᠰᠤᠨ ᠤ ᠢᠨᠵᠧᠨᠧᠷᠢᠩ ᠤᠨ ᠪᠠᠶᠢᠳᠠᠯ ᠵᠢᠴᠢ ᠳᠠᠷᠠᠭᠠᠴᠢ ᠶᠢᠨ ᠠᠯᠬᠤᠮ ᠤᠨ ᠠᠷᠭᠠᠴᠠᠬᠤ ᠠᠷᠭ᠎ᠠ ᠬᠡᠮᠵᠢᠶ᠎ᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠪᠠ︔ ︽ᠦᠴᠦᠸᠠᠨ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠬᠥᠳᠡᠭᠡ ᠲᠣᠰᠬᠤᠨ ᠤ ᠵᠠᠰᠠᠯᠲᠠ ᠶᠢᠨ ᠬᠤᠪᠢ ᠬᠤᠷᠠᠮᠳᠤᠭᠤᠯᠬᠤ ᠳᠦᠷᠢᠮ ᠤᠨ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠥᠯ︾ ᠢ ᠬᠢᠨᠠᠨ ᠵᠥᠪᠯᠡᠬᠦ ᠶᠢᠨ ᠬᠠᠮᠲᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠪᠦᠬᠦ ᠰᠢᠶᠠᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠠᠵᠤ ᠠᠬᠤᠢ ᠶᠢᠨ ᠠᠵᠢᠯᠯᠠᠭᠠᠨ ᠤ ᠦᠷᠭᠦᠯᠵᠢᠯᠡᠨ ᠰᠠᠶᠢᠵᠢᠷᠠᠬᠤ᠂ ᠳᠣᠲᠣᠭᠠᠳᠤ ᠬᠥᠳᠡᠯᠭᠡᠬᠦ ᠬᠦᠴᠦᠨ ᠤ ᠦᠷᠭᠦᠯᠵᠢᠯᠡᠨ ᠴᠢᠩᠭᠠᠷᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ︽ᠳᠦᠷᠪᠡᠨ ᠶᠡᠭᠡ ᠠᠵᠤ ᠦᠢᠯᠡᠰ︾ ᠤᠨ ᠰᠢᠰᠲ᠋ᠧᠮ ᠢ ᠡᠷᠡᠰ ᠭᠤᠶᠢᠪᠢᠰᠢ ᠦᠭᠡᠢ ᠪᠠᠶᠢᠭᠤᠯᠵᠤ᠂ ᠴᠢᠬᠤᠯᠠ ᠶᠡᠭᠡ ᠲᠦᠷᠦᠯ ᠵᠦᠢᠯ ᠤᠨ ᠡᠷᠲᠡᠬᠡᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠮᠠᠨ ᠤ ᠰᠢᠶᠠᠨ ᠤ ᠲᠡᠦᠬᠡ ᠰᠣᠶᠣᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ︽ᠤᠮᠠᠷᠠᠲᠤ ᠶᠢᠨ ᠰᠣᠶᠣᠯ︾  ᠤᠨ ᠲᠦᠷᠦᠯ ᠲᠡᠮᠳᠡᠭ ᠢ ᠬᠦᠴᠦᠯᠡᠨ ᠡᠭᠦᠳᠴᠦ᠂ ᠠᠮᠢ ᠠᠬᠤᠢ ᠶᠢᠨ ᠰᠠᠭᠤᠷᠢ ᠥᠩᠭᠡ ᠳᠤ ᠲᠦᠰᠢᠭᠯᠡᠨ᠂ ᠤᠮᠠᠷᠠᠲᠤ ᠸᠧᠢ ᠤᠯᠤᠰ ᠤᠨ ᠰᠣᠶᠣᠯ ᠤᠨ ᠬᠢᠯᠠᠰ ᠴᠡᠭ ᠢ ᠠᠭᠤᠳᠠᠯᠵᠤ᠂ ᠰᠣᠶᠣᠯ ᠵᠤᠭᠠᠴᠠᠯ ᠤᠨ ᠲᠦᠷᠦᠯ ᠵᠦᠢᠯ ᠤᠨ ᠡᠵᠡᠩᠨᠡᠯᠲᠡ ᠶᠢᠨ ᠵᠠᠭᠪᠤᠷ ᠢ ᠰᠢᠯᠢᠳᠡᠭᠵᠢᠭᠦᠯᠵᠦ᠂ ᠵᠤᠭᠠᠴᠠᠭᠰᠠᠳ ᠤᠨ ᠰᠣᠶᠣᠯ ᠤᠨ ᠣᠶᠢᠯᠠᠭᠠᠯᠲᠠ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠪᠠᠶᠢᠷᠢ ᠰᠠᠭᠤᠷᠢ ᠶᠢ ᠢᠮᠠᠭᠲᠠ ᠴᠢᠬᠤᠯᠠᠴᠢᠯᠠᠵᠤ᠂ ᠮᠠᠨ ᠤ ᠰᠢᠶᠠᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠵᠦ᠂ ᠤᠨᠢᠨ ᠳᠡᠭᠡᠷ᠎ᠡ ᠨᠢ ᠠᠷᠠᠯᠵᠢᠶᠠᠴᠢᠨ ᠤᠷᠢᠬᠤ ᠶᠢ ᠴᠢᠩᠭᠠᠳᠬᠠᠵᠤ᠂ ᠦᠢᠯᠡᠴᠢᠯᠡᠭᠡᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠨᠡᠩ ᠰᠠᠶᠢᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠡᠭᠦᠳᠬᠦ ᠬᠡᠷᠡᠭᠲᠡᠢ᠃ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠨᠡᠶᠢᠳᠡᠮ ᠪᠠᠶᠢᠴᠠᠭᠠᠯᠲᠠ ᠶᠢᠨ ᠡᠲᠡᠭᠡᠳ ᠢ ᠪᠦᠷᠢᠨ ᠣᠶᠢᠯᠠᠭᠠᠵᠤ᠂ ᠨᠡᠶᠢᠳᠡᠮ ᠪᠠᠶᠢᠴᠠᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠤᠬᠠᠭᠤᠯᠤᠨ ᠳᠠᠶᠢᠴᠢᠯᠠᠬᠤ ᠶᠢ ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠪᠠ ᠲᠤᠷᠰᠢᠯᠭ᠎ᠠ ᠰᠣᠯᠢᠯᠴᠠᠬᠤ ᠠᠵᠢᠯ ᠢ ᠰᠠᠶᠢᠲᠤᠷ ᠬᠢᠵᠦ᠂ ᠲᠤᠭ᠎ᠠ ᠪᠠᠷᠢᠮᠲᠠ ᠶᠢᠨ ᠦᠨᠡᠨ ᠪᠣᠳᠠᠲᠠᠢ ᠪᠥᠭᠡᠳ ᠪᠥᠬᠦ ᠲᠠᠯ᠎ᠠ ᠶᠢ ᠦᠨᠡᠨᠬᠦ ᠪᠠᠲᠤᠯᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠪᠣᠳᠠᠲᠠᠢ ᠪᠥᠭᠡᠳ ᠨᠠᠷᠢᠯᠢᠭ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠤᠰᠤ ᠬᠡᠷᠡᠭᠯᠡᠬᠦ ᠦᠨᠳᠦᠰᠦᠨ ᠬᠡᠷᠡᠭᠴᠡᠭᠡ ᠶᠢ ᠦᠨᠡᠨᠬᠦ ᠪᠠᠲᠤᠯᠠᠨ᠂ ᠤᠰᠤ ᠠᠷᠪᠢᠯᠠᠬᠤ ᠤᠬᠠᠭᠤᠯᠭ᠎ᠠ ᠶᠢ ᠶᠡᠬᠡᠪᠡᠷ ᠥᠷᠨᠢᠭᠦᠯᠵᠦ᠂ ᠤᠰᠤ ᠠᠷᠪᠢᠯᠠᠬᠤ ᠤᠰᠤᠯᠠᠯᠲᠠ ᠶᠢ ᠲᠦᠯᠬᠢᠨ ᠠᠬᠢᠭᠤᠯᠵᠤ᠂ ᠣᠯᠠᠨ ᠲᠦᠮᠡᠨ ᠤ ᠤᠰᠤ ᠠᠷᠪᠢᠯᠠᠬᠤ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠢ᠃ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠦᠷᠭᠦᠯᠵᠢᠯᠡᠨ ᠠᠬᠢᠭᠤᠯᠵᠤ᠂ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠤᠳᠠ ᠶᠢᠨ ᠠᠷᠠᠳ ᠤᠨ ᠪᠣᠯᠪᠠᠰᠤᠨ ᠬᠡᠪ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠰᠢᠶᠠᠨ ᠤ ᠬᠡᠪᠴᠢᠶᠡᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠬᠥᠳᠡᠭᠡ ᠲᠣᠰᠬᠤᠨ ᠤ ᠵᠠᠰᠠᠯᠲᠠ ᠶᠢᠨ ᠬᠤᠪᠢ ᠬᠤᠷᠠᠮᠳᠤᠭᠤᠯᠬᠤ ᠳᠦᠷᠢᠮ ᠤᠨ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠥᠯ ᠢ ᠰᠢᠨ᠎ᠡ ᠶᠢ ᠡᠭᠦᠳᠦᠨ ᠨᠠᠷᠢᠯᠢᠭᠵᠢᠭᠤᠯᠵᠤ᠂ ᠲᠣᠰᠬᠤᠨ ᠤ ᠠᠷᠠᠳ ᠤᠨ ᠣᠷᠣᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠨ᠂ ᠰᠠᠶᠢᠨ ᠰᠠᠶᠢᠬᠠᠨ ᠲᠣᠰᠬᠤᠨ ᠤ ᠰᠤᠷᠲᠠᠯ ᠠᠷᠠᠳ ᠤᠨ ᠰᠤᠷᠲᠠᠯ ᠪᠠ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠥᠳᠡᠭᠡ ᠲᠣᠰᠬᠤᠨ ᠤ ᠣᠷᠴᠢᠨ ᠲᠣᠭᠤᠷᠢᠨ ᠢ ᠪᠣᠶ ᠪᠣᠯᠭᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠬᠢᠨᠠᠨ ᠵᠥᠪᠯᠡᠪᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号