ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠲᠠᠮᠢᠷ ᠤᠨ ᠴᠤᠭᠯᠠᠭᠠᠨ ᠤ ᠤᠮᠪᠠᠯᠲᠠ ᠶᠢᠨ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2023/8/10

     8 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ  

ᠲᠠᠮᠢᠷ ᠤᠨ ᠴᠤᠭᠯᠠᠭᠠᠨ ᠤ ᠤᠮᠪᠠᠯᠲᠠ ᠶᠢᠨ ᠲᠥᠷᠥᠯ ᠵᠦᠢᠯ ᠤᠨ ᠤᠷᠤᠯᠳᠤᠭᠠᠨ ᠣᠷᠳᠣᠰ ᠬᠤᠲᠠ ᠶᠢᠨ ᠪᠡᠶ᠎ᠡ ᠶᠢᠨ

ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠪ ᠤᠨ ᠤᠮᠪᠠᠯᠲᠠ ᠶᠢᠨ ᠣᠷᠳᠣᠨ ᠳᠤ ᠡᠬᠢᠯᠡᠪᠡ᠃

     ᠣᠶᠢᠯᠠᠭᠠᠭᠰᠠᠨ ᠢᠶᠠᠷ᠂ ᠲᠣᠰ ᠤᠳᠠᠭᠠᠨ ᠤ ᠤᠮᠪᠠᠯᠲᠠ ᠶᠢᠨ ᠲᠥᠷᠥᠯ ᠵᠦᠢᠯ ᠤᠨ ᠤᠷᠤᠯᠳᠤᠭᠠᠨ ᠳᠤ 12

ᠠᠶᠢᠮᠠᠭ ᠬᠤᠲᠠ ᠶᠢᠨ 464 ᠲᠠᠮᠢᠷᠴᠢᠨ ᠣᠷᠤᠯᠴᠠᠬᠤ ᠪᠣᠯᠣᠨ᠎ᠠ᠃ ᠲᠣᠰ ᠤᠳᠠᠭᠠᠨ ᠤ ᠤᠷᠤᠯᠳᠤᠭᠠᠨ ᠢ ᠡᠷᠡᠭᠲᠡᠢ᠂

ᠡᠮᠡᠭᠲᠡᠢ ᠶᠢᠨ ᠬᠥᠬᠡ ᠬᠥᠬᠡᠭᠴᠢᠨ ᠤᠯᠠᠭᠠᠨ ᠤᠯᠠᠭᠠᠭᠴᠢᠨ ᠳᠤᠭᠤᠶᠢᠯᠠᠩ ᠬᠤᠪᠢᠶᠠᠵᠤ᠂ ᠴᠢᠯᠦᠭᠡᠲᠦ ᠤᠮᠪᠠᠯᠲᠠ᠂

ᠮᠡᠯᠡᠬᠡᠢ ᠤᠮᠪᠠᠯᠲᠠ᠂ ᠲᠠᠩᠭᠠᠶᠢᠮᠠᠯ ᠤᠮᠪᠠᠯᠲᠠ᠂ ᠡᠷᠪᠡᠬᠡᠢ ᠤᠮᠪᠠᠯᠲᠠ ᠵᠡᠷᠭᠡ 72 ᠵᠢᠵᠢᠭ ᠲᠥᠷᠥᠯ ᠵᠦᠢᠯ ᠤᠨ

ᠤᠷᠤᠯᠳᠤᠭᠠᠨ ᠲᠣᠬᠢᠷᠠᠭᠤᠯᠵᠤ᠂ 12 ᠤᠨ ᠡᠳᠦᠷ ᠪᠤᠯᠲᠠᠯ᠎ᠠ ᠨᠡᠶᠢᠲᠡ 4 ᠡᠳᠦᠷ ᠤᠷᠤᠯᠳᠤᠨ᠎ᠠ᠃

     ᠥᠪᠡᠷᠲᠡᠭᠡᠨ ᠵᠠᠰᠠᠬᠤ ᠣᠷᠣᠨ ᠤ ᠬᠦᠨᠳᠦ ᠬᠥᠩᠭᠡᠨ ᠪᠡᠶ᠎ᠡ ᠶᠢᠨ ᠲᠠᠮᠢᠷ ᠤᠨ ᠤᠷᠤᠯᠳᠤᠭᠠᠨ ᠪᠠ ᠣᠰᠣᠨ

ᠳᠡᠭᠡᠷᠡᠬᠢ ᠪᠡᠶ᠎ᠡ ᠶᠢᠨ ᠲᠠᠮᠢᠷ ᠤᠨ ᠲᠥᠪ ᠤᠨ ᠡᠷᠭᠢᠯᠡᠭᠴᠢ ᠢᠦᠢ ᠬᠤᠢ ᠰᠣᠷᠪᠤᠯᠵᠢᠯᠠᠭ᠎ᠠ ᠬᠦᠯᠢᠶᠡᠬᠦ ᠳᠡᠭᠡᠨ᠄︽ᠲᠤᠰ

ᠤᠳᠠᠭᠠᠨ ᠤ ᠤᠷᠤᠯᠳᠤᠭᠠᠨ ᠪᠣᠯ ᠥᠩᠭᠡᠷᠡᠭᠰᠡᠨ ᠬᠤᠭᠤᠴᠠᠭ᠎ᠠ ᠲᠠᠢ ᠬᠠᠷᠢᠴᠠᠭᠤᠯᠪᠠᠯ ᠲᠣᠬᠢᠷᠠᠭᠤᠯᠤᠭᠰᠠᠨ ᠲᠦᠷᠦᠯ

ᠵᠦᠢᠯ ᠨᠢ ᠬᠠᠮᠤᠭ ᠤᠨ ᠪᠦᠷᠢᠨ᠂ ᠨᠡᠶᠢᠲᠡ 72 ᠠᠯᠲᠠᠨ ᠮᠧᠳᠠᠯ ᠰᠢᠯᠭᠠᠷᠠᠭᠤᠯᠬᠤ ᠪᠣᠯᠣᠨ᠎ᠠ᠃ ᠥᠩᠭᠡᠷᠡᠭᠡᠭᠰᠡᠨ ᠤ

 ᠬᠢ ᠲᠠᠢ ᠬᠠᠷᠢᠴᠠᠭᠤᠯᠪᠠᠯ᠂ ᠤᠷᠤᠯᠳᠤᠭᠠᠨ ᠳᠤ ᠣᠷᠤᠯᠴᠠᠬᠤ ᠬᠥᠮᠥᠨ ᠤ ᠲᠤᠭ᠎ᠠ ᠪᠠ ᠵᠣᠬᠢᠶᠠᠨ ᠪᠠᠶᠢᠭᠤᠯᠬᠤ

ᠬᠡᠪᠴᠢᠶ᠎ᠡ ᠶᠢᠨ ᠲᠠᠯ᠎ᠠ ᠪᠠᠷ ᠴᠥᠮ ᠮᠠᠰᠢ ᠶᠡᠭᠡ ᠳᠡᠭᠡᠭᠰᠢᠯᠡᠯᠲᠡ ᠲᠠᠢ ᠪᠣᠯᠵᠠᠢ᠃ ᠪᠢᠳᠡ ᠤᠷᠤᠯᠳᠤᠭᠠᠨ ᠢᠶᠠᠷ

ᠳᠠᠮᠵᠢᠭᠤᠯᠤᠨ ᠥᠪᠡᠷᠲᠡᠭᠡᠨ ᠵᠠᠰᠠᠬᠤ ᠣᠷᠣᠨ ᠤ ᠤᠮᠪᠠᠯᠲᠠ ᠶᠢᠨ ᠲᠥᠷᠥᠯ ᠵᠦᠢᠯ ᠤᠨ ᠬᠥᠭᠵᠢᠯᠲᠡ ᠶᠢ ᠠᠬᠢᠭᠤᠯᠵᠤ᠂

ᠪᠡᠯᠡᠳᠬᠡᠯ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠠᠨ ᠤ ᠣᠷᠣᠨ ᠤ ᠤᠮᠪᠠᠯᠲᠠ ᠶᠢᠨ

ᠲᠥᠷᠥᠯ ᠵᠦᠢᠯ ᠢ ᠪᠦᠭᠦ ᠤᠯᠤᠰ ᠤᠨ ᠡᠮᠦᠨ᠎ᠡ ᠡᠩᠨᠡᠭᠡᠨ ᠳᠤ ᠣᠷᠣᠭᠤᠯᠬᠤ ᠪᠠᠷ ᠴᠢᠷᠮᠠᠶᠢᠨ᠎ᠠ︾ ᠭᠡᠵᠦ ᠶᠠᠷᠢᠯ᠎ᠠ᠃

 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号