ᠦᠴᠦᠸᠠᠨ ᠰᠢᠶᠠᠨ 2023 ᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠣᠬᠠᠢ ᠶᠢᠨ ᠬᠤᠰᠢᠭᠤ ᠶᠢᠨ ᠰᠣᠶᠣᠯ ᠤᠨ ᠨᠠᠶᠢᠷ ︽ᠵᠠᠯᠠᠭᠤᠴᠤᠳ ᠬᠤᠨᠳᠠᠭᠠᠲᠤ︾ ᠰᠠᠭᠰᠤᠨ ᠪᠥᠮᠪᠦᠭᠡ ᠶᠢᠨ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/8/11
      8 ᠰᠠᠷ᠎ᠠ ᠶᠢᠨ 10 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠬᠤᠷᠢᠶ᠎ᠠ᠂ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠡᠪ ᠬᠠᠮᠲᠤ ᠵᠠᠯᠠᠭᠤᠴᠤᠳ ᠤᠨ ᠡᠪᠯᠡᠯ ᠤᠨ ᠦᠴᠦᠸᠠᠨ ᠰᠢᠶᠠᠨ ᠤ ᠬᠤᠷᠢᠶ᠎ᠠ᠂ ᠦᠴᠦᠸᠠᠨ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠳᠠᠭᠠᠭᠠᠨ ᠡᠷᠭᠢᠯᠡᠵᠦ᠂ ᠦᠴᠦᠸᠠᠨ ᠰᠢᠶᠠᠨ ᠤ ᠬᠦᠨᠳᠦ ᠬᠥᠩᠭᠡᠨ ᠪᠡᠶ᠎ᠡ ᠶᠢᠨ ᠲᠠᠮᠢᠷ ᠤᠨ ᠨᠡᠶᠢᠭᠡᠮᠯᠢᠭ ᠠᠴᠠ ᠬᠠᠮᠵᠢᠨ ᠡᠷᠭᠢᠯᠡᠭᠰᠡᠨ 2023 ᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠣᠬᠠᠢ ᠶᠢᠨ ᠬᠤᠰᠢᠭᠤ ᠶᠢᠨ ᠰᠣᠶᠣᠯ ᠤᠨ ᠨᠠᠶᠢᠷ ︽ᠵᠠᠯᠠᠭᠤᠴᠤᠳ ᠬᠤᠨᠳᠠᠭᠠᠲᠤ︾ ᠰᠠᠭᠰᠤᠨ ᠪᠥᠮᠪᠦᠭᠡ ᠶᠢᠨ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠮᠠᠨ ᠤ ᠰᠢᠶᠠᠨ ᠤ ᠳ᠋ᠧᠩ ᠭᠤᠸᠠᠩ ᠪᠥᠮᠪᠥᠭᠡᠨ ᠲᠠᠯᠠᠪᠠᠶ ᠳᠤ ᠶᠠᠪᠤᠭᠳᠠᠪᠠ᠃
     ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠨᠢ ᠵᠢᠱᠢᠯᠲᠡ ᠪᠠᠷ 9 ᠡᠳᠦᠷ ᠶᠠᠪᠤᠭᠳᠠᠵᠤ᠂ ᠲᠤᠬᠠᠢ ᠶᠢᠨ ᠦᠶ᠎ᠡ ᠳᠤ ᠪᠥᠬᠦ ᠰᠢᠶᠠᠨ ᠤ 12 ᠤᠷᠤᠯᠳᠤᠭᠠᠨ ᠳᠤ ᠣᠷᠣᠯᠴᠠᠬᠤ ᠠᠩᠭᠢ ᠶᠢᠨ 146 ᠲᠠᠮᠢᠷᠴᠢᠨ ᠤᠷᠤᠯᠳᠤᠭᠠᠨ ᠳᠤ ᠣᠷᠣᠯᠴᠠᠬᠤ ᠪᠣᠯᠣᠨ᠎ᠠ᠃       ᠡᠬᠢᠯᠡᠯᠲᠡ ᠶᠢᠨ ᠶᠣᠰᠣᠯᠠᠯ ᠲᠡᠭᠦᠰᠦᠭᠰᠡᠨ ᠤ ᠳᠠᠷᠠᠭ᠎ᠠ᠂ ᠬᠤᠶᠠᠷ ᠠᠩᠭᠢ ᠠᠩᠬᠠᠨ ᠤ ᠡᠳᠦᠷ ᠤᠨ ᠤᠷᠤᠯᠳᠤᠭᠠᠨ ᠳᠤ ᠰᠢᠷᠦᠭᠦᠨ ᠲᠡᠮᠡᠴᠡᠭᠡᠨ ᠶᠠᠪᠤᠭᠤᠯᠪᠠ᠃ ᠲᠠᠮᠢᠷᠴᠢᠳ ᠪᠥᠮᠪᠦᠭᠡ ᠪᠤᠯᠢᠶᠠᠬᠤ᠂ ᠪᠥᠮᠪᠦᠭᠡ ᠲᠠᠰᠤᠯᠬᠤ᠂ ᠬᠤᠷᠢᠭᠯᠠᠬᠤ᠂ ᠳᠠᠭᠠᠷᠢᠬᠤ᠂ ᠰᠠᠭᠰᠤᠯᠠᠬᠤ ᠵᠡᠷᠭᠡ ᠲᠠᠯ᠎ᠠ ᠪᠠᠷ ᠲᠤᠶᠢᠯ ᠤᠨ ᠭᠤᠶᠢᠳᠠ ᠰᠠᠶᠢᠬᠠᠨ ᠪᠠᠶᠢᠳᠠᠯ  ᠲᠠᠢ ᠪᠠᠶᠢᠯ᠎ᠠ᠃ ᠪᠦᠬᠦ ᠲᠠᠮᠢᠷᠴᠢᠳ ︽ᠨᠥᠬᠦᠷᠯᠡᠯ ᠢ ᠲᠡᠷᠢᠭᠦᠨ ᠳᠤ ᠲᠠᠯᠪᠢᠵᠤ᠂ ᠤᠷᠤᠯᠳᠤᠭᠠᠨ ᠢ ᠬᠤᠶᠠᠳᠤᠭᠠᠷ ᠲᠤ ᠲᠠᠯᠪᠢᠬᠤ︾ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠬᠡᠪ ᠨᠠᠮᠪᠠ ᠲᠠᠢ ᠤᠷᠤᠯᠳᠤᠭᠠᠨ᠂ ᠬᠢᠷᠢ ᠲᠦᠪᠰᠢᠨ ᠲᠠᠢ ᠤᠷᠤᠯᠳᠤᠭᠠᠨ ᠳᠤ ᠣᠷᠣᠯᠴᠠᠵᠠᠢ᠃       ᠲᠣᠰ ᠤᠳᠠᠭᠠᠨ ᠤ ᠤᠷᠤᠯᠳᠤᠭᠠᠨ ᠢ ᠡᠷᠭᠢᠯᠡᠭᠰᠡᠨ ᠵᠣᠷᠢᠯᠭ᠎ᠠ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠳᠤᠷᠠᠳᠤᠭᠰᠠᠨ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠴᠢᠩᠭᠠᠳᠬᠠᠨ᠂ ᠣᠯᠠᠨ ᠲᠦᠮᠡᠨ ᠤ ᠪᠡᠶ᠎ᠡ ᠶᠢᠨ ᠲᠠᠮᠢᠷ ᠪᠠ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠲᠦᠷᠭᠡᠪᠴᠢᠯᠡᠨ ᠪᠦᠲᠦᠭᠡᠨ ᠪᠠᠶᠢᠭᠤᠯᠬᠤ︾ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠣᠨ ᠨᠠᠶᠢᠳᠠᠪᠤᠷᠢᠵᠢᠭᠤᠯᠬᠤ ᠶᠢᠨ ᠲᠥᠯᠥᠭᠡ ᠶᠤᠮ᠃ ᠮᠥᠨ ᠴᠦ ᠪᠦᠬᠦ ᠰᠢᠶᠠᠨ ᠤ ᠥᠷᠭᠡᠨ ᠤᠯᠠᠨ ᠵᠠᠯᠠᠭᠤᠴᠤᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠤᠬᠠᠮᠰᠠᠷ ᠢ ᠨᠡᠮᠡᠭᠳᠡᠭᠦᠯᠬᠦ᠂ ᠰᠣᠶᠣᠯ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠬᠤ᠂ ᠰᠤᠷᠤᠯᠴᠠᠬᠤ ᠠᠵᠢᠯ ᠤᠨ ᠤᠷᠮ᠎ᠠ ᠵᠣᠷᠢᠭ ᠢ ᠬᠥᠭᠵᠢᠭᠡᠬᠦ᠂ ᠡᠭᠦᠨ ᠤ ᠤᠯᠠᠮ ᠠᠴᠠ ᠨᠡᠩ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ︽ᠵᠢᠷᠭᠤᠭᠠᠨ ᠰᠢᠨ᠎ᠡ ᠦᠴᠦᠸᠠᠨ︾ ᠤ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号