ᠦᠴᠦᠸᠠᠨ ᠰᠢᠶᠠᠨ ︽ᠤᠮᠠᠷᠠᠲᠤ ᠶᠢᠨ ᠰᠣᠶᠣᠯ︾ ᠤᠨ ᠨᠡᠷᠡᠲᠦ ᠲᠡᠮᠳᠡᠭ ᠢ ᠪᠠᠶᠢᠭᠤᠯᠬᠤ ᠲᠤᠬᠠᠢ ᠰᠤᠳᠤᠯᠤᠨ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2023/8/11
     8 ᠰᠠᠷ᠎ᠠ ᠶᠢᠨ 9 ᠤ ᠡᠳᠦᠷ᠂ ᠦᠴᠦᠸᠠᠨ ᠰᠢᠶᠠᠨ ︽ᠤᠮᠠᠷᠠᠲᠤ ᠶᠢᠨ ᠰᠣᠶᠣᠯ︾ ᠤᠨ ᠨᠡᠷᠡᠲᠦ ᠲᠡᠮᠳᠡᠭ ᠢ ᠪᠠᠶᠢᠭᠤᠯᠬᠤ ᠲᠤᠬᠠᠢ ᠰᠤᠳᠤᠯᠤᠨ ᠶᠠᠷᠢᠯᠴᠠᠬᠤ ᠬᠤᠷᠠᠯ ᠬᠢᠵᠦ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠮᠢᠨ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠼᠦᠢ ᠵᠧᠨ ᠬᠤᠸᠠ ᠬᠤᠷᠠᠯ ᠳᠤ ᠣᠷᠣᠯᠴᠠᠵᠠᠢ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ︽ᠤᠮᠠᠷᠠᠲᠤ ᠶᠢᠨ ᠰᠣᠶᠣᠯ︾ ᠤᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠷᠠᠯ ᠳᠤ ᠣᠷᠣᠯᠴᠠᠭᠰᠠᠨ ᠲᠤᠰᠬᠠᠢ ᠮᠡᠷᠭᠡᠵᠢᠯᠲᠡᠳ ︽ᠤᠮᠠᠷᠠᠲᠤ ᠶᠢᠨ ᠰᠣᠶᠣᠯ︾  ᠤᠨ ᠠᠭᠤᠯᠤᠭᠳᠠᠬᠤᠨ ᠪᠣᠯᠣᠨ ᠭᠤᠣᠯᠯᠠᠭᠴᠢ ᠣᠨᠴᠠᠯᠢᠭ ᠤᠨ ᠲᠣᠭᠤᠷᠢᠨ ᠳᠤ᠂ ᠮᠠᠨ ᠤ ᠰᠢᠶᠠᠨ ᠤ ᠲᠡᠦᠬᠡ ᠪᠣᠯᠣᠨ ᠬᠤᠪᠢᠰᠬᠠᠯ ᠤᠨ ᠰᠣᠶᠣᠯ ᠲᠠᠢ ᠤᠶᠠᠯᠳᠤᠭᠤᠯᠵᠤ᠂ ︽ᠤᠮᠠᠷᠠᠲᠤ ᠶᠢᠨ ᠰᠣᠶᠣᠯ︾  ᠤᠨ ᠨᠡᠷᠡᠲᠦ ᠲᠡᠮᠳᠡᠭ ᠢ ᠬᠡᠷᠬᠢᠨ ᠪᠠᠶᠢᠭᠤᠯᠬᠤ ᠶᠢ ᠦᠴᠦᠸᠠᠨ ᠰᠢᠶᠠᠨ ᠳᠤ ᠨᠠᠶᠢᠳᠠᠪᠤᠷᠢᠵᠢᠭᠤᠯᠤᠨ ᠠᠬᠢᠭᠤᠯᠬᠤ ᠭᠤᠣᠯᠳᠠᠯᠭ᠎ᠠ᠂ ᠰᠢᠪᠲᠤᠯᠤᠯᠲᠠ ᠶᠢᠨ ᠴᠡᠭ᠂ ᠭᠠᠷᠳᠠᠴᠠ ᠶᠢ ᠡᠷᠢᠬᠦ ᠵᠡᠷᠭᠡ ᠲᠠᠯ᠎ᠠ ᠪᠠᠷ ᠭᠦᠨᠵᠡᠭᠡᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠵᠠᠢ᠃      ᠬᠤᠷᠠᠯ ᠠᠴᠠ᠂ ︽ᠤᠮᠠᠷᠠᠲᠤ ᠶᠢᠨ ᠰᠣᠶᠣᠯ︾ ᠪᠣᠯ ᠳᠤᠮᠳᠠᠳᠤ ᠶᠢᠨ ᠰᠣᠶᠣᠯ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠥᠪᠥᠷ ᠮᠣᠩᠭᠤᠯ ᠤᠨ ᠣᠨᠴᠠ ᠴᠢᠨᠠᠷ ᠲᠠᠢ ᠣᠷᠣᠨ ᠪᠦᠰᠡ ᠶᠢᠨ ᠴᠢᠨᠠᠷᠲᠠᠢ ᠰᠣᠶᠣᠯ ᠤᠨ ᠨᠡᠷᠡᠲᠦ ᠲᠡᠮᠳᠡᠭ ᠮᠥᠨ᠃ ︽ᠤᠮᠠᠷᠠᠲᠤ ᠶᠢᠨ ᠰᠣᠶᠣᠯ︾ ᠤᠨ ᠨᠡᠷᠡᠲᠦ ᠲᠡᠮᠳᠡᠭ ᠢ ᠪᠠᠶᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ ᠶᠢ ᠢᠮᠠᠭᠲᠠ ᠠᠩᠬᠠᠷᠴᠤ᠂ ᠳᠤᠮᠳᠠᠳᠤ ᠶᠢᠨ ᠰᠣᠶᠣᠯ ᠪᠣᠯᠣᠨ ᠡᠯ᠎ᠡ ᠦᠨᠳᠦᠰᠦᠲᠡᠨ ᠤ ᠰᠣᠶᠣᠯ ᠤᠨ ︽ᠭᠤᠣᠯᠯᠠᠭᠴᠢ︾ ᠪᠣᠯᠣᠨ ︽ᠰᠠᠯᠠᠭ᠎ᠠ ᠨᠠᠮᠠᠭ᠎ᠠ︾ ᠶᠢᠨ ᠬᠠᠷᠢᠴᠠᠭ᠎ᠠ ᠶᠢ ᠵᠥᠪ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠱᠤᠭᠤᠮ ᠪᠣᠯᠭᠠᠨ ︽ᠤᠮᠠᠷᠠᠲᠤ ᠶᠢᠨ ᠰᠣᠶᠣᠯ︾ ᠤᠨ ᠰᠤᠳᠤᠯᠭᠠᠨ ᠪᠣᠯᠣᠨ ᠨᠡᠷᠡᠲᠦ ᠲᠡᠮᠳᠡᠭ ᠢ ᠪᠠᠶᠢᠭᠤᠯᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠰᠤᠳᠤᠯᠭᠠᠨ ᠤ ᠨᠡᠶᠢᠭᠡᠮᠯᠢᠭ ᠢ ᠲᠦᠷᠭᠡᠬᠡᠨ ᠪᠠᠶᠢᠭᠤᠯᠵᠤ᠂ ᠨᠡᠩ ᠣᠯᠠᠨ ᠲᠤᠰᠬᠠᠢ ᠮᠡᠷᠭᠡᠵᠢᠯᠲᠡᠨ ᠡᠷᠳᠡᠮᠲᠡᠨ ᠢ ᠤᠷᠢᠵᠤ ᠦᠴᠦᠸᠠᠨ ᠰᠢᠶᠠᠨ ᠤ ᠭᠦᠨ ᠵᠤᠵᠠᠭᠠᠨ ᠲᠡᠦᠬᠡ ᠰᠣᠶᠣᠯ ᠪᠠ ᠡᠯᠪᠡᠭ ᠪᠠᠶᠠᠯᠢᠭ ᠰᠣᠶᠣᠯ ᠢᠷᠭᠡᠨᠰᠢᠯ ᠤᠨ ᠡᠬᠢ ᠪᠠᠶᠠᠯᠢᠭ ᠤᠨ ᠲᠣᠭᠤᠷᠢᠨ ᠳᠤ ᠤᠯᠠᠮ ᠨᠢᠭᠡ ᠠᠯᠬᠤᠮ ᠰᠤᠷᠤᠯᠴᠠᠨ ᠰᠤᠳᠤᠯᠤᠨ ᠶᠠᠷᠢᠯᠴᠠᠵᠤ᠂ ᠭᠦᠨᠵᠡᠭᠡᠢ ᠠᠭᠤᠳᠠᠯᠤᠨ᠂ ᠯᠣᠭᠢᠭ ᠢᠶᠠᠷ ᠬᠤᠷᠢᠶᠠᠩᠭᠤᠶᠢᠯᠠᠵᠤ᠂ ᠨᠠᠷᠢᠯᠢᠭᠵᠢᠭᠤᠯᠤᠨ ᠲᠠᠶᠢᠯᠪᠤᠷᠢᠯᠠᠵᠤ᠂ ᠡᠭᠦᠨ ᠤ ᠤᠯᠠᠮ ᠢᠶᠠᠷ ᠠᠭᠤᠯᠬᠤᠨ ᠨᠢ ᠲᠣᠳᠣᠷᠬᠠᠢ᠂ ᠠᠭᠤᠯᠭ᠎ᠠ ᠨᠢ ᠪᠠᠶᠠᠯᠢᠭ ᠪᠣᠳᠠᠲᠠᠢ᠂ ᠠᠷᠭ᠎ᠠ ᠬᠡᠮᠵᠢᠶ᠎ᠡ ᠨᠢ ᠬᠦᠴᠦᠲᠡᠢ ᠪᠥᠭᠡᠳ ᠪᠦᠲᠦᠮᠵᠢᠲᠡᠶ ᠪᠦᠷᠢᠨ ᠭᠦᠢᠴᠡᠳ ᠥᠭᠦᠯᠡᠯᠲᠡ ᠶᠢ ᠪᠤᠶ ᠪᠣᠯᠭᠠᠵᠤ᠂ ︽ᠤᠮᠠᠷᠠᠲᠤ ᠶᠢᠨ ᠰᠣᠶᠣᠯ︾ ᠢ ᠨᠡᠩ ᠪᠠᠶᠠᠯᠢᠭ ᠠᠭᠤᠯᠤᠭᠳᠠᠬᠤᠨ ᠲᠠᠢ᠂ ᠨᠡᠩ ᠦᠨᠦᠷ ᠠᠮᠲᠠ ᠲᠠᠢ ᠪᠣᠯᠭᠠᠬᠤ ᠶᠢᠨ ᠬᠠᠮᠲᠤ ︽ᠤᠮᠠᠷᠠᠲᠤ ᠶᠢᠨ ᠰᠣᠶᠣᠯ︾  ᠢ ᠤᠯᠠᠮ ᠴᠢᠨᠠᠭᠰᠢᠳᠠ ᠤᠬᠠᠭᠤᠯᠤᠨ ᠳᠡᠯᠭᠡᠷᠡᠭᠦᠯᠵᠦ᠂ ᠤᠬᠠᠭᠤᠯᠵᠤ ᠬᠥᠲᠥᠯᠥᠨ ᠵᠢᠯᠤᠭᠤᠳᠬᠤ ᠬᠦᠴᠦᠨ ᠢ ᠳᠡᠭᠡᠭᠰᠢᠯᠡᠭᠦᠯᠵᠦ᠂ ᠤᠮᠠᠷᠠᠲᠤ ᠶᠢᠨ ᠡᠬᠡ ᠭᠠᠵᠠᠷ ᠲᠤ ᠦᠨᠳᠦᠰᠦᠯᠡᠭᠰᠡᠨ ᠰᠢᠯᠢᠳᠡᠭ ᠰᠣᠶᠣᠯ ᠢ ᠰᠠᠶᠢᠲᠤᠷ ᠤᠯᠠᠮᠵᠢᠯᠠᠨ ᠬᠥᠭᠵᠢᠭᠦᠯᠵᠦ᠂ ᠦᠴᠦᠸᠠᠨ ᠰᠢᠶᠠᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠳᠤᠮᠳᠠᠳᠤ ᠶᠢᠨ ᠰᠣᠶᠣᠯ ᠤᠨ ᠰᠤᠳᠠᠰᠤ ᠶᠢ ᠨᠡᠩ ᠰᠠᠶᠢᠲᠤᠷ ᠣᠶᠢᠯᠠᠭᠠᠭᠤᠯᠵᠤ᠂ ᠰᠣᠶᠣᠯ ᠤᠨ ᠮᠡᠳᠡᠷᠡᠮᠵᠢ ᠶᠢ ᠨᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号