ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠦᠴᠦᠸᠠᠨ ᠰᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ
ᠨᠡᠶᠢᠲᠡᠯᠡᠭᠰᠡᠨ ᠴᠠᠭ᠄
2023/8/11
      8 ᠰᠠᠷ᠎ᠠ ᠶᠢᠨ 9 ᠤ ᠡᠳᠦᠷ᠂ ᠥᠪᠥᠷ ᠮᠣᠩᠭᠤᠯ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶᠠᠨ ᠤ ᠳᠠᠷᠤᠭ᠎ᠠ ᠵᠣᠣ ᠬᠠᠢ ᠫᠢᠩ ᠨᠠᠷ ᠦᠴᠦᠸᠠᠨ ᠰᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠢ ᠵᠢᠭᠠᠨ ᠵᠢᠯᠣᠭᠤᠳᠪᠠ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠶᠦᠨ ᠰᠢᠶᠣᠣ ᠮᠢᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
     ᠵᠣᠣ ᠬᠠᠢ ᠫᠢᠩ ᠨᠠᠷ ᠡᠩ ᠲᠡᠷᠢᠭᠦᠨ ᠳᠤ ᠦᠴᠦᠸᠠᠨ ᠰᠢᠶᠠᠨ ᠤ ᠡᠮᠨᠡᠯᠭᠡ ᠶᠢᠨ ᠬᠤᠷᠢᠶᠠᠨ ᠤ ᠡᠯ᠎ᠡ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠪᠠ ᠶᠡᠷᠦᠩᠬᠡᠢ ᠡᠮᠨᠡᠯᠭᠡ ᠶᠢᠨ ᠬᠤᠷᠢᠶᠠᠨ ᠤ ᠡᠯ᠎ᠡ ᠲᠤᠬᠠᠶᠢᠯᠠᠭᠰᠠᠨ ᠠᠵᠢᠯ ᠤᠨ ᠲᠥᠪ ᠲᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠡᠮᠨᠡᠯᠭᠡ ᠶᠢᠨ ᠬᠤᠷᠢᠶᠠᠨ ᠤ ᠰᠠᠯᠠᠭ᠎ᠠ ᠲᠠᠰᠤᠭ ︵ᠲᠥᠪ︶ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ᠂ ᠡᠯ᠎ᠡ ᠲᠥᠷᠥᠯ ᠤᠨ ᠲᠤᠬᠠᠶᠢᠯᠠᠭᠰᠠᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠪᠠ ᠡᠮᠨᠡᠯᠭᠡ ᠶᠢᠨ ᠠᠵᠢᠯᠲᠠᠨ ᠤ ᠴᠢᠳᠠᠪᠤᠷᠢᠲᠠᠨ ᠢ ᠬᠥᠮᠥᠵᠢᠭᠦᠯᠵᠦ ᠪᠠᠶᠢᠭ᠎ᠠ ᠪᠠᠶᠢᠳᠠᠯ ᠢ ᠨᠠᠷᠢᠨ ᠠᠰᠠᠭᠤᠨ ᠯᠠᠪᠯᠠᠵᠠᠢ᠃      ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠶᠦᠨ ᠰᠢᠶᠣᠣ ᠮᠢᠨ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ᠳᠤ ᠣᠯᠠᠨ ᠵᠢᠯ ᠤᠨ ᠲᠤᠷᠰᠢ ᠦᠴᠦᠸᠠᠨ ᠰᠢᠶᠠᠨ ᠢ ᠶᠡᠭᠡ ᠬᠦᠴᠦᠨ ᠢᠶᠠᠷ ᠬᠠᠪᠰᠤᠷᠤᠨ ᠲᠡᠳᠬᠦᠭᠰᠡᠨ ᠳᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠭᠰᠡᠨ ᠪᠥᠭᠡᠳ ᠪᠥᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠪᠠᠶᠢᠳᠠᠯ ᠤᠨ ᠲᠤᠬᠠᠢ ᠶᠡᠷᠦᠩᠬᠡᠢ ᠳᠤᠨᠢ ᠲᠠᠨᠢᠯᠴᠠᠭᠤᠯᠪᠠ᠃ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠷᠢᠭᠤᠴᠠᠯᠭᠠᠲᠠᠨ ᠦᠴᠦᠸᠠᠨ ᠰᠢᠶᠠᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠦᠬᠦᠯᠢ ᠴᠣᠭᠴᠠ ᠶᠢᠨ ᠠᠵᠢᠯ ᠤᠨ ᠪᠠᠶᠢᠳᠠᠯ ᠪᠠ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠢ ᠠᠬᠢᠭᠤᠯᠤᠭᠰᠠᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠰᠢᠶᠠᠨ ᠤ ᠶᠡᠷᠦᠩᠬᠡᠢ ᠡᠮᠨᠡᠯᠭᠡ ᠶᠢᠨ ᠬᠤᠷᠢᠶᠠᠨ ᠤ ᠬᠠᠷᠢᠭᠤᠴᠠᠯᠭᠠᠲᠠᠨ ᠦᠴᠦᠸᠠᠨ ᠰᠢᠶᠠᠨ ᠤ ᠶᠡᠷᠦᠩᠬᠡᠢ ᠡᠮᠨᠡᠯᠭᠡ ᠶᠢᠨ ᠬᠤᠷᠢᠶᠠᠨ ᠤ ᠣᠶᠢᠷ᠎ᠠ ᠶᠢᠨ ᠬᠤᠭᠤᠴᠠᠭᠠᠨ ᠤ ᠬᠥᠭᠵᠢᠯᠲᠡ ᠶᠢᠨ ᠲᠥᠯᠦᠪᠵᠢᠭᠦᠯᠭᠡ ᠪᠠ ᠬᠠᠪᠰᠤᠷᠤᠨ ᠲᠡᠳᠬᠦᠬᠦ ᠬᠡᠷᠡᠭᠴᠡᠭᠡ ᠱᠠᠭᠠᠷᠳᠠᠯᠭ᠎ᠠ ᠪᠠᠨ ᠬᠠᠷᠢᠭᠤ ᠮᠡᠳᠡᠭᠦᠯᠵᠡᠢ᠃ ᠳᠠᠷᠠᠭ᠎ᠠ ᠨᠢ᠂ ᠬᠤᠶᠠᠷ ᠲᠠᠯ᠎ᠠ ᠪᠠᠷ ᠢᠶᠠᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ᠂ ᠮᠡᠷᠭᠡᠵᠢᠯ ᠢᠶᠠᠷ ᠬᠠᠪᠰᠤᠷᠤᠨ ᠲᠡᠳᠬᠦᠬᠦ᠂ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ᠂ ᠴᠢᠳᠠᠪᠤᠷᠢᠲᠠᠨ ᠢ ᠬᠥᠮᠥᠵᠢᠭᠦᠯᠬᠦ᠂ ᠱᠠᠲᠤ ᠬᠤᠪᠢᠶᠠᠨ ᠣᠨᠣᠰᠢᠯᠠᠨ ᠡᠮᠨᠡᠬᠦ ᠵᠡᠷᠭᠡ ᠲᠠᠯ᠎ᠠ ᠪᠠᠷ ᠭᠦᠨᠵᠡᠭᠡᠢ ᠰᠠᠨᠠᠯ ᠢᠶᠠᠨ ᠰᠣᠯᠢᠯᠴᠠᠵᠠᠢ᠃ ᠵᠣᠣ ᠬᠠᠢ ᠫᠢᠩ ᠲᠠᠷᠠᠭᠠᠴᠢ ᠶᠢᠨ ᠠᠯᠬᠤᠮ ᠤᠨ ᠦᠴᠦᠸᠠᠨ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠬᠥᠭᠵᠢᠯᠲᠡ ᠶᠢᠨ ᠲᠥᠯᠦᠪᠵᠢᠭᠦᠯᠭᠡ ᠪᠠ ᠥᠪᠥᠷ ᠮᠣᠩᠭᠤᠯ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ᠶᠢᠨ ᠬᠠᠪᠰᠤᠷᠤᠨ ᠲᠡᠳᠬᠦᠬᠦ ᠠᠷᠭ᠎ᠠ ᠮᠠᠶ᠋ᠢᠭ ᠤᠨ ᠲᠤᠬᠠᠢ ᠵᠢᠯᠤᠭᠤᠳᠬᠤ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠪᠠ᠃      ᠵᠣᠣ ᠬᠠᠢ ᠫᠢᠩ ᠢᠯᠡᠷᠬᠡᠶᠢᠯᠡᠬᠦ ᠳᠡᠭᠡᠨ᠂ ᠲᠤᠬᠠᠢ ᠶᠢᠨ ᠲᠠᠯᠠᠪᠤᠷ ᠲᠤ ᠪᠠᠶᠢᠴᠠᠭᠠᠨ ᠰᠤᠳᠤᠯᠤᠯᠲᠠ ᠬᠢᠬᠦ ᠪᠠ ᠭᠦᠨᠵᠡᠭᠡᠢ ᠵᠣᠯᠭᠠᠭᠤᠯᠤᠨ ᠨᠡᠪᠲᠡᠷᠡᠯᠴᠡᠬᠦ ᠪᠠᠷ ᠳᠠᠮᠵᠢᠭᠤᠯᠤᠨ᠂ ᠡᠮᠨᠡᠯᠭᠡ ᠶᠢᠨ ᠬᠤᠯᠪᠣᠭᠠᠲᠤ ᠴᠣᠭᠴᠠ ᠶᠢᠨ ᠭᠦᠨᠵᠡᠭᠡᠢ ᠬᠠᠮᠲᠤᠷᠠᠯᠴᠠᠭ᠎ᠠ ᠶᠢ ᠴᠢᠩᠭᠠᠳᠬᠠᠬᠤ ᠴᠢᠭᠯᠡᠯ ᠪᠠ ᠬᠠᠷᠠᠯᠲᠠ ᠶᠢ ᠤᠯᠠᠮ ᠨᠢᠭᠡ ᠠᠯᠬᠤᠮ ᠲᠣᠳᠣᠷᠬᠠᠢ ᠪᠣᠯᠭᠠᠵᠤ᠂ ᠬᠤᠷᠠᠯ ᠤᠨ ᠳᠠᠷᠠᠭ᠎ᠠ ᠥᠪᠥᠷ ᠮᠣᠩᠭᠤᠯ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠤᠯᠠᠮ ᠨᠢᠭᠡ ᠠᠯᠬᠤᠮ ᠰᠤᠳᠤᠯᠵᠤ᠂ ᠪᠣᠳᠠᠲᠠᠢ ᠬᠡᠷᠡᠭᠵᠢᠭᠦᠯᠵᠦ ᠪᠣᠯᠬᠤᠶᠢᠴᠠ ᠲᠥᠰᠥᠯ ᠢ ᠲᠦᠷᠭᠡᠬᠡᠨ ᠭᠠᠷᠭᠠᠵᠤ᠂ ᠦᠴᠦᠸᠠᠨ ᠰᠢᠶᠠᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠳᠡᠮᠵᠢᠨ᠎ᠡ ᠭᠡᠵᠡᠢ᠃      ᠶᠠᠷᠢᠯᠴᠠᠬᠤ ᠬᠤᠷᠠᠯ ᠤᠨ ᠲᠠᠷᠠᠭ᠎ᠠ᠂ ᠬᠤᠷᠠᠯ ᠳᠤ ᠣᠷᠣᠯᠴᠠᠭᠰᠠᠳ ᠬᠠᠮᠲᠤᠪᠠᠷ ᠬᠤᠭᠤᠯᠠᠢ ᠠᠭᠤᠯᠠ ᠰᠢᠶᠠᠩ ᠤᠨ ᠳ᠋ᠠ ᠳ᠋ᠧᠦ ᠫᠦ᠋ ᠲᠣᠰᠬᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠵᠤᠤ ᠬᠠᠢ ᠫᠢᠩ ᠦᠴᠦᠸᠠᠨ ᠰᠢᠶᠠᠨ ᠤ ᠪᠠᠶᠢᠭᠤᠯᠤᠭᠰᠠᠨ ︽ᠬᠤᠶᠠᠷ ᠡᠮᠨᠡᠯᠭᠡ ᠶᠢᠨ ᠬᠤᠷᠢᠶ᠎ᠠ ᠶᠢ ᠨᠢᠭᠡ ᠴᠣᠭᠴᠠᠵᠢᠭᠤᠯᠤᠭᠰᠠᠨ︾ ᠡᠮᠨᠡᠬᠦ ᠪᠠ ᠰᠤᠪᠢᠯᠠᠬᠤ ᠶᠢ ᠤᠶᠠᠯᠳᠤᠭᠤᠯᠬᠤ ᠵᠠᠭᠪᠤᠷ ᠢ ᠭᠦᠢᠴᠡᠳ ᠨᠤᠲᠠᠯᠠᠪᠠ᠃      ᠳᠠᠷᠠᠭ᠎ᠠ ᠶᠢᠨ ᠠᠯᠬᠤᠮ ᠳᠤ᠂ ᠦᠴᠦᠸᠠᠨ ᠰᠢᠶᠠᠨ ᠤ ᠬᠢᠨ ᠲᠤᠰ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠠᠵᠠ ᠲᠣᠬᠢᠶᠠᠯ ᠪᠣᠯᠭᠠᠵᠤ᠂ ᠰᠢᠶᠠᠨ ᠤ ᠬᠡᠪᠴᠢᠶᠡᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠦᠨ ᠨᠠᠷᠢᠯᠢᠭ ᠣᠨᠣᠴᠠᠲᠠᠢ ᠪᠠᠷ ᠬᠦᠴᠦᠯᠡᠵᠦ᠂ ︽ᠴᠢᠳᠠᠪᠤᠷᠢᠲᠠᠨ᠂ ᠰᠢᠨᠵᠢᠯᠡᠭᠡᠨ ᠤ ᠰᠠᠯᠠᠭ᠎ᠠ᠂ ᠦᠢᠯᠡᠴᠢᠯᠡᠭᠡ︾ ᠭᠡᠬᠦ ᠭᠤᠷᠪᠠᠨ ᠵᠦᠢᠯ ᠤᠨ ᠠᠷᠭ᠎ᠠ ᠵᠠᠮ ᠢ ᠲᠣᠪᠤᠶᠢᠯᠭᠠᠨ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ᠲᠠᠢ ᠭᠦᠨᠵᠡᠭᠡᠢ ᠬᠠᠮᠲᠤᠷᠠᠯᠴᠠᠬᠤ ᠶᠢ ᠢᠳᠡᠪᠬᠢᠲᠡᠢ ᠠᠬᠢᠭᠤᠯᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠵᠦ᠂ ᠠᠷᠠᠳ ᠣᠯᠠᠨ ᠳᠤ ᠰᠢᠯᠢᠳᠡᠭ ᠡᠮᠴᠢᠯᠡᠭᠡᠨ ᠤ ᠡᠬᠢ ᠪᠠᠶᠠᠯᠢᠭ ᠪᠠ ᠦᠢᠯᠡᠴᠢᠯᠡᠭᠡ ᠶᠢ ᠡᠳ᠋ᠯᠡᠭᠦᠯᠦᠨ᠎ᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号