ᠮᠠᠨ ᠤ ᠣᠷᠣᠨ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠢ ᠲᠦᠷᠭᠡᠳᠬᠡᠨ ᠪᠠᠶᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/8/11

     ︽ᠡᠨᠡ ᠵᠢᠯ ᠤᠨ 6 ᠰᠠᠷ᠎ᠠ ᠶᠢᠨ 30 ᠤ ᠡᠳᠦᠷ ᠪᠤᠯᠲᠠᠯ᠎ᠠ᠂ ᠥᠪᠥᠷ ᠮᠣᠩᠭᠤᠯ ᠤᠨ ᠪᠠᠷᠠᠭᠤᠨ ᠬᠡᠰᠡᠭ ᠤᠨ

ᠴᠠᠭᠢᠯᠭᠠᠨ ᠲᠣᠣᠷ ᠤᠨ ᠨᠢᠭᠡᠳᠦᠯᠲᠡᠢ ᠲᠣᠬᠢᠷᠠᠭᠤᠯᠬᠤ ᠮᠠᠰᠢᠨ ᠴᠣᠭᠴᠠᠯᠠᠪᠤᠷᠢ ᠶᠢᠨ ᠬᠡᠪᠴᠢᠶ᠎ᠡ 9335 ᠲᠦᠮᠡᠨ

ᠺᠢᠯᠣᠸᠠᠲ ᠲᠤ ᠬᠦᠷᠴᠦ᠂ ᠡᠭᠦᠨ ᠳᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 4060

ᠲᠦᠮᠡᠨ ᠺᠢᠯᠣᠸᠠᠲ ᠪᠠᠶᠢᠵᠤ᠂ ᠪᠦᠭᠦ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢᠨ 43.5% ᠶᠢ ᠡᠵᠡᠯᠡᠪᠡ᠃

ᠵᠢᠱᠢᠯᠲᠡ ᠪᠠᠷ 2025 ᠣᠨ ᠪᠤᠯᠬᠤ ᠳᠤ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠭᠢᠯᠭᠠᠨ ᠲᠣᠣᠷ ᠤᠨ

ᠮᠠᠰᠢᠨ ᠴᠣᠭᠴᠠᠯᠠᠪᠤᠷᠢ ᠶᠢᠨ ᠬᠡᠪᠴᠢᠶ᠎ᠡ 1.26 ᠳ᠋ᠦᠩᠰᠢᠭᠤᠷ ᠺᠢᠯᠣᠸᠠᠲ ᠲᠤ ᠬᠦᠷᠴᠦ᠂ ᠡᠭᠦᠨ ᠳᠤ ᠰᠢᠨ᠎ᠡ

ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 6650 ᠲᠦᠮᠡᠨ ᠺᠢᠯᠣᠸᠠᠲ ᠬᠦᠷᠴᠦ᠂ ᠪᠦᠭᠦ ᠮᠠᠰᠢᠨ

ᠴᠣᠭᠴᠠᠯᠠᠪᠤᠷᠢ ᠶᠢᠨ ᠪᠠᠭᠲᠠᠭᠠᠮᠵᠢ ᠶᠢᠨ 53% ᠶᠢ ᠡᠵᠡᠯᠡᠬᠦ ᠪᠣᠯᠣᠨ᠎ᠠ︾ ᠭᠡᠵᠦ ᠲᠦᠷᠦᠭᠦᠬᠡᠨ ᠥᠪᠡᠷᠲᠡᠭᠡᠨ ᠵᠠᠰᠠᠬᠤ

ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠠᠴᠠ ᠬᠤᠷᠠᠯᠳᠤᠭᠤᠯᠤᠭᠰᠠᠨ ᠰᠣᠨᠢᠨ ᠮᠡᠳᠡᠭᠡ

ᠨᠡᠶᠢᠲᠡᠯᠡᠬᠦ ᠬᠤᠷᠠᠯ ᠳᠡᠭᠡᠷ᠎ᠡ ᠥᠪᠥᠷ ᠮᠣᠩᠭᠤᠯ ᠤᠨ ᠴᠠᠭᠢᠯᠭᠠᠨ ᠬᠦᠴᠦᠨ ᠤ ᠪᠦᠯᠦᠭᠯᠡᠯ ᠤᠨ ᠳᠡᠳ᠋ ᠶᠡᠷᠦᠩᠬᠡᠢ

ᠳᠠᠭᠠᠭᠠᠮᠠᠯ ᠶᠠᠨ ᠵᠢᠶᠦ᠋ᠨ ᠲᠠᠨᠢᠯᠴᠠᠭᠤᠯᠤᠨ᠎ᠠ᠃

     ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠴᠠᠭᠢᠯᠭᠠᠨ ᠬᠦᠴᠦᠨ ᠤ ᠪᠦᠯᠦᠭᠯᠡᠯ ᠣᠲᠣ ᠶᠢᠨ ᠪᠠᠶᠢᠭ᠎ᠠ

ᠴᠠᠭᠢᠯᠭᠠᠨ ᠰᠤᠷᠪᠤᠯᠵᠢ᠂ ᠴᠠᠭᠢᠯᠭᠠᠨ ᠲᠣᠣᠷ ᠤᠨ ᠰᠢᠰᠲ᠋ᠧᠮ ᠢ ᠥᠭᠡᠷᠡᠴᠢᠯᠡᠨ ᠰᠢᠯᠢᠳᠡᠭᠵᠢᠭᠦᠯᠵᠦ᠂ ᠴᠠᠭᠢᠯᠭᠠᠨ

ᠬᠦᠴᠦᠨ ᠤ ᠳᠠᠭᠠᠭᠠᠴᠠ᠂ ᠡᠨᠧᠷᠭᠢ ᠶᠢᠨ ᠨᠦᠭᠡᠴᠡᠯᠡᠯᠳᠡ ᠶᠢ ᠲᠠᠰ ᠳᠡᠪᠰᠢᠭᠦᠯᠬᠦ ᠪᠠᠷ ᠳᠠᠮᠵᠢᠨ ᠡᠨᠧᠷᠭᠢ ᠲᠣᠣᠷ

ᠳᠠᠭᠠᠭᠠᠴᠠ ᠨᠥᠭᠡᠴᠡ ᠶᠢ ᠠᠭᠤᠰᠤᠯᠴᠠᠭᠤᠯᠵᠤ ᠬᠠᠷᠢᠯᠴᠠᠨ ᠬᠥᠳᠡᠯᠦᠯᠴᠡᠭᠰᠡᠨ ᠰᠢᠨ᠎ᠡ ᠭᠡᠯᠪᠡᠷᠢ ᠶᠢᠨ ᠴᠠᠭᠢᠯᠭᠠᠨ

ᠬᠦᠴᠦᠨ ᠤ ᠰᠢᠰᠲ᠋ᠧᠮ ᠢ ᠴᠣᠭᠴᠠᠯᠠᠵᠤ ᠪᠤᠢ᠃ ᠴᠠᠭᠢᠯᠭᠠᠨ ᠰᠤᠷᠪᠤᠯᠵᠢ ᠶᠢ ᠲᠣᠬᠢᠷᠠᠭᠤᠯᠤᠨ ᠰᠢᠯᠢᠳᠡᠭᠵᠢᠭᠦᠯᠵᠦ

ᠡᠵᠡᠩᠨᠡᠬᠦ ᠴᠢᠳᠠᠪᠤᠷᠢ ᠶᠢ ᠳᠡᠭᠡᠭᠰᠢᠯᠡᠭᠦᠯᠵᠤ᠂ ᠦᠪᠡᠰᠦᠪᠠᠨ ᠬᠡᠷᠡᠭᠯᠡᠬᠦ ᠰᠢᠨ᠎ᠡ ᠡᠨᠧᠷᠭᠢ ᠶᠢᠨ ᠲᠠᠯ᠎ᠠ ᠪᠠᠷ ᠮᠠᠨ ᠤ

ᠣᠷᠣᠨ ᠤ ᠪᠠᠷᠠᠭᠤᠨ ᠬᠡᠰᠡᠭ ᠤᠨ ᠭᠠᠵᠠᠷ ᠣᠷᠣᠨ ᠳᠤ 4000 ᠲᠦᠮᠡᠨ ᠺᠢᠯᠣᠸᠠᠲ ᠢ ᠳᠠᠪᠠᠭᠰᠠᠨ ᠰᠢᠨ᠎ᠡ ᠡᠨᠧᠷᠭᠢ

 ᠶᠢᠨ ᠲᠦᠷᠦᠯ ᠵᠦᠢᠯ ᠢ ᠪᠦᠲᠦᠭᠡᠨ ᠪᠠᠶᠢᠭᠤᠯᠬᠤ ᠪᠠᠷ ᠨᠢᠭᠡᠨᠲᠡ ᠬᠢᠨᠠᠨ ᠵᠦᠪᠰᠢᠶᠡᠷᠡᠭᠦᠯᠪᠡ; ᠭᠠᠳᠠᠭᠰᠢ ᠬᠦᠷᠭᠡᠬᠦ

ᠰᠢᠨ᠎ᠡ ᠡᠨᠧᠷᠭᠢ ᠶᠢᠨ ᠴᠠᠭᠢᠯᠭᠠᠨ ᠤ ᠲᠠᠯ᠎ᠠ ᠪᠠᠷ ᠬᠥᠪᠴᠢ ᠶᠢᠨ ᠡᠯᠡᠰᠦ ᠶᠢᠨ ᠬᠤᠶᠢᠲᠤ ᠬᠡᠰᠡᠭ ᠵᠢᠴᠢ ᠡᠮᠦᠨ᠎ᠡ

ᠬᠡᠰᠡᠭ᠂ ᠲᠡᠭᠷᠢ ᠡᠯᠡᠰᠦ᠂ ᠤᠯᠠᠭᠠᠨᠪᠤᠬ᠎ᠠ ᠶᠢᠨ ᠡᠯᠡᠰᠦᠨ ᠳᠤ ᠨᠡᠶᠢᠳᠡ 4 ᠲᠣᠮᠣ ᠭᠡᠯᠪᠡᠷᠢ ᠶᠢᠨ ᠰᠠᠯᠬᠢᠨ ᠬᠦᠴᠦ

ᠭᠡᠷᠡᠯᠴᠢ ᠴᠡᠨᠡᠭ ᠢᠶᠠᠷ ᠴᠠᠭᠢᠯᠭᠠᠨ ᠭᠠᠷᠭᠠᠬᠤ ᠪᠠ ᠤᠰᠤᠲᠦ᠋ᠷᠦᠭᠴᠢᠵᠢᠭᠦᠯᠦᠨ ᠬᠠᠳᠠᠭᠠᠯᠠᠵᠤ ᠬᠡᠷᠡᠭᠯᠡᠬᠦ ᠴᠠᠭᠢᠯᠭᠠᠨ

ᠬᠦᠴᠦᠨ ᠤ ᠰᠠᠭᠤᠷᠢᠨ ᠢ ᠪᠦᠲᠦᠭᠡᠨ ᠪᠠᠶᠢᠭᠤᠯᠬᠤ ᠪᠠᠷ ᠬᠢᠨᠠᠨ ᠵᠥᠪᠰᠢᠶᠡᠷᠡᠭᠦᠯᠪᠡ᠃ ᠴᠠᠭᠢᠯᠭᠠᠨ ᠲᠣᠣᠷ ᠤᠨ ᠲᠠᠯ᠎ᠠ

 ᠪᠠᠷ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠭᠢᠯᠭᠠᠨ ᠲᠣᠣᠷ ᠤᠨ ᠪᠦᠲᠦᠴᠡ ᠭᠡᠯᠪᠡᠷᠢ ᠪᠠ ᠡᠵᠡᠩᠨᠡᠯᠲᠡ ᠶᠢᠨ

ᠵᠠᠭᠪᠤᠷ ᠢ ᠲᠦᠷᠭᠡᠳᠬᠡᠨ ᠰᠢᠨᠡᠴᠢᠯᠡᠵᠦ᠂ ᠣᠳᠣᠬᠠᠨ ᠳᠤ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠭᠢᠯᠭᠠᠨ

ᠲᠣᠣᠷ ᠨᠢᠭᠡᠨᠲᠡ ᠬᠥᠨᠳᠡᠯᠡᠨ ᠭᠤᠣᠯᠲᠤ ᠰᠦᠯᠵᠢᠯᠳᠦᠭᠰᠡᠨ 500 ᠺᠢᠯᠣᠸᠠᠲ ᠤᠨ ᠭᠤᠣᠯ ᠲᠣᠣᠷ ᠤᠨ ᠪᠦᠲᠦᠴᠡ ᠶᠢ

ᠪᠦᠷᠢᠯᠳᠦᠭᠦᠯᠵᠦ᠂ ᠵᠢᠱᠢᠯᠲᠡ ᠪᠠᠷ 2027 ᠣᠨ ᠪᠤᠯᠬᠤ ᠳᠤ ᠤᠮᠠᠷᠠᠲᠤ ᠶᠢᠨ ᠴᠠᠭᠢᠯᠭᠠᠨ ᠲᠣᠣᠷ ᠯᠤᠭ᠎ᠠ ᠶᠢᠨ

ᠬᠠᠮᠲᠤᠷᠠᠯᠴᠠᠭ᠎ᠠ ᠪᠠᠨ ᠢᠵᠢᠯᠢ ᠠᠯᠬᠤᠮ ᠢᠶᠠᠷ ᠴᠢᠩᠭᠠᠳᠬᠠᠨ᠂ 8 ᠵᠤᠷᠪᠤᠰ ᠭᠡᠳᠦ ᠥᠨᠳᠥᠷ ᠬᠦᠴᠦᠳᠡᠯᠲᠦ ᠰᠢᠭᠤᠳ

ᠭᠠᠳᠠᠭᠰᠢ ᠴᠠᠭᠢᠯᠭᠠᠨ ᠬᠦᠷᠭᠡᠬᠦ ᠱᠤᠭᠤᠮ ᠢ ᠪᠠᠶᠢᠭᠤᠯᠬᠤ ᠪᠠᠷ ᠪᠤᠢ᠃

     ᠮᠠᠨ ᠤ ᠣᠷᠣᠨ ᠪᠠᠰᠠ ᠴᠠᠭᠢᠯᠭᠠᠨ ᠬᠦᠴᠦᠨ ᠤ ᠳᠠᠭᠠᠭᠠᠴᠠ ᠶᠢᠨ ᠬᠠᠷᠢᠮᠠᠬᠠᠢ ᠴᠢᠨᠠᠷ ᠢ ᠳᠡᠭᠡᠭᠰᠢᠯᠡᠭᠦᠯᠵᠤ᠂

ᠴᠠᠭᠢᠯᠭᠠᠨ ᠬᠦᠴᠦᠨ ᠤ ᠬᠡᠷᠡᠭᠴᠡᠭᠡ ᠱᠠᠭᠠᠷᠳᠠᠯᠭ᠎ᠠ ᠶᠢᠨ ᠳᠠᠭᠠᠯᠲᠠ ᠲᠣᠭᠲᠠᠴᠠ ᠶᠢ ᠲᠡᠭᠦᠯᠳᠡᠷᠵᠢᠭᠦᠯᠦᠨ᠂ ᠴᠠᠭᠢᠯᠭᠠᠨ

ᠬᠡᠷᠡᠭᠯᠡᠬᠦ ᠡᠯ᠎ᠡ ᠬᠤᠭᠤᠴᠠᠭᠠᠨ ᠳᠠᠬᠢ ᠴᠠᠭᠢᠯᠭᠠᠨ ᠤ ᠦᠨ᠎ᠡ ᠶᠢᠨ ᠲᠣᠭᠲᠠᠴᠠ ᠶᠢ ᠰᠢᠯᠢᠳᠡᠭᠵᠢᠭᠦᠯᠵᠦ᠂ ᠡᠯ᠎ᠡ ᠳᠦᠷᠦᠯ

 ᠤᠨ ᠴᠠᠭᠢᠯᠭᠠᠨ ᠬᠦᠴᠦᠨ ᠤ ᠡᠵᠡᠩᠨᠡᠯᠲᠡ ᠶᠢᠨ ᠭᠤᠣᠯ ᠴᠣᠭᠴᠠ ᠶᠢᠨ ᠴᠠᠭᠢᠯᠭᠠᠨ ᠬᠡᠷᠡᠭᠯᠡᠬᠦ ᠤᠷᠭᠢᠯ ᠬᠤᠭᠤᠴᠠᠭ᠎ᠠ

 ᠶᠢ ᠲᠣᠬᠢᠷᠠᠭᠤᠯᠬᠤ ᠴᠢᠳᠠᠮᠵᠢ ᠶᠢ ᠠᠭᠤᠳᠠᠯᠵᠤ᠂ ᠴᠠᠭᠢᠯᠭᠠᠨ ᠬᠦᠴᠦᠨ ᠤ ᠰᠢᠰᠲ᠋ᠧᠮ ᠤᠨ ᠪᠦᠬᠦᠯᠢ ᠴᠣᠭᠴᠠ ᠶᠢᠨ

ᠠᠰᠢᠭᠯᠠᠮᠵᠢ ᠶᠢ ᠳᠡᠭᠡᠭᠰᠢᠯᠡᠭᠦᠯᠵᠤ ᠪᠠᠶᠢᠨ᠎ᠠ᠃ ᠡᠭᠦᠨ ᠤ ᠬᠠᠮᠲᠤ ᠡᠨᠧᠷᠭᠢ ᠨᠥᠭᠡᠴᠡᠯᠡᠬᠦ ᠠᠵᠢᠯ ᠢ ᠴᠢᠩᠭᠠᠳᠬᠠᠵᠤ᠂

ᠣᠳᠣᠬᠠᠨ ᠳᠤ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠭᠢᠯᠭᠠᠨ ᠬᠦᠴᠦᠨ ᠤ ᠺᠤᠮᠫᠠᠨᠢ ᠨᠢᠭᠡᠨᠲᠡ

ᠪᠠᠭᠲᠠᠭᠠᠮᠵᠢ ᠶᠢᠨ ᠬᠡᠮᠵᠢᠶ᠎ᠡ ᠨᠢ 120 ᠲᠦᠮᠡᠨ ᠺᠢᠯᠣᠸᠠᠲ ᠤᠨ ᠤᠰᠤ ᠲᠠᠲᠠᠵᠤ ᠡᠨᠧᠷᠭᠢ ᠨᠥᠭᠡᠴᠡᠯᠡᠬᠦ ᠦᠷᠳᠡᠭᠡ

- ᠭᠦᠭᠡᠬᠤᠳᠠ ᠶᠢᠨ ᠤᠰᠤ ᠲᠠᠲᠠᠵᠤ ᠡᠨᠧᠷᠭᠢ ᠨᠥᠭᠡᠴᠡᠯᠡᠬᠦ ᠦᠷᠳᠡᠭᠡ ᠶᠢ ᠪᠠᠶᠢᠭᠤᠯᠤᠨ ᠠᠰᠢᠭᠯᠠᠯᠲᠠ ᠳᠤ

ᠣᠷᠣᠭᠤᠯᠪᠠ᠃ ᠵᠢᠱᠢᠯᠲᠡ ᠪᠠᠷ 2025 ᠣᠨ ᠪᠤᠯᠬᠤ ᠳᠤ ᠳᠤᠰ ᠤᠰᠤ ᠲᠠᠲᠠᠵᠤ ᠡᠨᠧᠷᠭᠢ ᠨᠥᠭᠡᠴᠡᠯᠡᠬᠦ

ᠥᠷᠲᠡᠭᠡᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ 720 ᠲᠦᠮᠡᠨ ᠺᠢᠯᠣᠸᠠᠲ ᠢ ᠳᠠᠪᠠᠭ᠋ᠤ ᠪᠣᠯᠣᠨ᠎ᠠ᠃ ᠣᠳᠣᠬᠠᠨ

 ᠳᠤ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠭᠢᠯᠭᠠᠨ ᠲᠣᠣᠷ ᠤᠨ ᠰᠢᠨ᠎ᠡ ᠭᠡᠯᠪᠡᠷᠢ ᠶᠢᠨ ᠡᠨᠧᠷᠭᠢ

ᠨᠥᠭᠡᠴᠡᠯᠡᠬᠦ ᠮᠠᠰᠢᠨ ᠴᠣᠭᠴᠠᠯᠠᠪᠤᠷᠢ ᠶᠢᠨ ᠬᠡᠪᠴᠢᠶ᠎ᠡ 121.85 ᠲᠦᠮᠡᠨ ᠺᠢᠯᠣᠸᠠᠲ ᠪᠠᠶᠢᠵᠤ᠂ ᠵᠢᠱᠢᠯᠲᠡ ᠪᠠᠷ

2027 ᠣᠨ ᠪᠤᠯᠬᠤ ᠳᠤ ᠴᠠᠭᠢᠯᠭᠠᠨ ᠲᠣᠣᠷ ᠤᠨ ᠡᠨᠧᠷᠭᠢ ᠨᠥᠭᠡᠴᠡᠯᠡᠬᠦ ᠮᠠᠰᠢᠨ ᠴᠣᠭᠴᠠᠯᠠᠪᠤᠷᠢ ᠶᠢᠨ ᠬᠡᠪᠴᠢᠶ᠎ᠡ

300 ᠲᠦᠮᠡᠨ ᠺᠢᠯᠣᠸᠠᠲ ᠢ ᠳᠠᠪᠠᠨ᠂ ᠴᠠᠭᠢᠯᠭᠠᠨ ᠰᠤᠷᠪᠤᠯᠵᠢ ᠶᠢᠨ ᠡᠨᠧᠷᠭᠢ ᠨᠥᠭᠡᠴᠡᠯᠡᠬᠦ ᠴᠢᠳᠠᠮᠵᠢ 930

ᠲᠦᠮᠡᠨ ᠺᠢᠯᠣᠸᠠᠲ ᠢ ᠳᠠᠪᠠᠵᠤ᠂ ᠴᠢᠬᠤᠯᠠ ᠴᠠᠭᠢᠯᠭᠠᠨ ᠤ ᠬᠠᠩᠭᠠᠯᠭ᠎ᠠ ᠶᠢ ᠪᠠᠲᠤᠯᠠᠬᠤ ᠪᠣᠯᠣᠨ᠎ᠠ᠃

 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号