︽ᠳᠠᠯᠠᠨ ᠬᠠᠷ᠎ᠠ ᠠᠭᠤᠯᠠ ᠶᠢᠨ ᠭᠤᠷᠪᠠᠨ ᠳᠠᠭᠤ︾ ᠤᠨ ︽ᠳᠠᠯᠠᠨ ᠬᠠᠷ᠎ᠠ ᠠᠭᠤᠯᠠ ᠶᠢᠨ ᠢᠳᠡᠷᠡᠭᠦᠨ ᠨᠠᠷᠠᠰᠤ︾ ᠶᠢ ᠦᠴᠦᠸᠠᠨ ᠰᠢᠶᠠᠨ ᠳᠤ ᠲᠣᠭᠯᠠᠪᠠ
ᠨᠡᠶᠢᠲᠡᠯᠡᠭᠰᠡᠨ ᠴᠠᠭ᠄
2023/8/14
      8 ᠰᠠᠷ᠎ᠠ ᠶᠢᠨ 13 ᠤ ᠡᠳᠦᠷ᠂ ᠦᠴᠦᠸᠠᠨ ᠰᠢᠶᠠᠨ ᠤ ᠤᠯᠠᠭᠠᠨᠮᠥ᠋ᠴᠢᠷ ᠤᠨ ᠵᠣᠬᠢᠶᠠᠨ ᠪᠦᠲᠦᠭᠡᠵᠦ ᠲᠣᠭᠯᠠᠭᠰᠠᠨ ᠰᠢᠨ᠎ᠡ ᠪᠠᠷ ᠨᠠᠶᠢᠷᠠᠭᠤᠯᠤᠭᠰᠠᠨ ᠮᠠᠩᠬᠠᠨ ᠳᠠᠭᠤᠣ ᠶᠢᠨ ᠣᠲᠣ ᠦᠶ᠎ᠡ ᠶᠢᠨ ᠵᠦᠴᠦᠭᠡ ︽ᠳᠠᠯᠠᠨ ᠬᠠᠷ᠎ᠠ ᠠᠭᠤᠯᠠ ᠶᠢᠨ ᠢᠳᠡᠷᠡᠭᠦᠨ ᠨᠠᠷᠠᠰᠤ︾ ᠨᠢ ᠴᠢᠩ ᠱᠠᠨ ᠤᠷᠠᠨ ᠰᠠᠶᠢᠬᠠᠨ ᠤ ᠲᠠᠯᠠᠪᠠᠶ ᠳᠤ ᠲᠣᠭᠯᠠᠯᠲᠠ ᠭᠠᠷᠭᠠᠵᠠᠢ᠃
     ᠰᠢᠨ᠎ᠡ ᠪᠠᠷ ᠨᠠᠶᠢᠷᠠᠭᠤᠯᠤᠭᠰᠠᠨ ᠮᠠᠩᠬᠠᠨ ᠳᠠᠭᠤᠣ ᠶᠢᠨ ᠣᠳᠣ ᠦᠶ᠎ᠡ ᠶᠢᠨ ᠵᠦᠴᠦᠭᠡ ︽ᠳᠠᠯᠠᠨ ᠬᠠᠷ᠎ᠠ ᠠᠭᠤᠯᠠ ᠶᠢᠨ ᠢᠳᠡᠷᠡᠭᠦᠨ ᠨᠠᠷᠠᠰᠤ︾ ᠨᠢ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠤ ᠦᠴᠦᠸᠠᠨ ᠰᠢᠶᠠᠨ ᠤ ᠪᠦᠬᠦ ᠤᠯᠤᠰ ᠤᠨ ᠨᠣᠭᠤᠭᠠᠷᠠᠭᠤᠯᠤᠯᠲᠠ ᠶᠢᠨ ᠱᠠᠩᠨᠠᠯ ᠤᠨ ᠲᠡᠮᠳᠡᠭ᠂ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠵᠢᠶᠠ ᠳ᠋ᠧᠩ ᠺᠧ ᠪᠠᠷ ᠤᠤᠯ ᠳᠦᠷᠢ ᠪᠣᠯᠭᠠᠵᠤ᠂ ᠲᠠᠶᠢᠰᠠᠨ ᠤ ᠤᠷᠠᠯᠢᠭ ᠤᠨ ᠬᠡᠯᠪᠡᠷᠢ ᠪᠠᠷ ᠳᠠᠮᠵᠢᠭᠤᠯᠤᠨ᠂ ᠬᠡᠳᠦᠨ ᠠᠷᠪᠠᠨ ᠵᠢᠯ ᠢ ᠨᠢᠭᠡ ᠯᠡ ᠡᠳᠦᠷ ᠮᠡᠲᠦ ᠪᠠᠷ ᠮᠣᠳᠣ ᠳᠠᠷᠢᠵᠤ ᠣᠶᠢᠵᠢᠭᠤᠯᠤᠭᠰᠠᠨ᠂ ᠨᠣᠭᠤᠭᠠᠷᠠᠭᠤᠯᠤᠯᠲᠠ ᠳᠤ ᠣᠷᠣᠯᠴᠠᠭᠰᠠᠨ ᠲᠡᠷᠢᠭᠦᠨ ᠤ ᠦᠶᠯᠡ ᠠᠵᠢᠯᠯᠠᠭ᠎ᠠ ᠶᠢ ᠢᠯᠡᠷᠡᠭᠦᠯᠵᠦ᠂ ᠦᠴᠦᠸᠠᠨ ᠰᠢᠶᠠᠨ ᠤ ᠠᠮᠢ ᠠᠬᠤᠢ ᠶᠢᠨ ᠲᠠᠯ᠎ᠠ ᠪᠠᠷ ᠳᠠᠯᠠᠨ ᠬᠠᠷ᠎ᠠ ᠠᠭᠤᠯᠠ ᠶᠢ ᠵᠠᠰᠠᠨ ᠰᠡᠷᠭᠦᠭᠡᠬᠦ᠂ ᠪᠣᠬᠢᠷᠲᠤᠯ ᠦᠭᠡᠢ ᠠᠮᠢ ᠠᠬᠤᠢ ᠶᠢᠨ ᠬᠠᠯᠬᠠᠪᠴᠢ ᠶᠢ ᠴᠣᠭᠴᠠᠯᠠᠬᠤ᠂ ᠳᠤᠮᠳᠠᠳᠤ ᠶᠢᠨ ᠦᠨᠳᠦᠰᠦᠲᠡᠨ ᠤ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠬᠤ ᠶᠢ ᠦᠢᠯᠡᠳᠦᠯᠭᠡᠵᠢᠭᠦᠯᠬᠦ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠬᠤ ᠲᠠᠯ᠎ᠠ ᠪᠠᠷ ᠦᠵᠡᠭᠦᠯᠦᠭᠰᠡᠨ ᠲᠣᠪᠣᠶᠢᠮ᠎ᠠ ᠬᠤᠪᠢ ᠨᠡᠮᠡᠷᠢ ᠪᠠ ᠣᠯᠣᠭᠰᠠᠨ ᠰᠢᠯᠢᠳᠡᠭ ᠬᠢᠷᠢ ᠪᠦᠲᠦᠮᠵᠢ ᠶᠢ ᠢᠯᠡᠷᠡᠭᠦᠯᠪᠡ᠃
   ᠪᠦᠬᠦ ᠲᠣᠭᠯᠠᠯᠲᠠ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ᠂ ᠲᠤᠰ ᠤᠳᠠᠭᠠᠨ ᠤ ᠲᠣᠭᠯᠠᠯᠲᠠ ᠨᠢ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠤᠷᠠᠨ ᠰᠠᠶᠢᠬᠠᠨ ᠤ ᠲᠣᠭᠯᠠᠯᠲᠠ ᠪᠠᠷ ᠨᠠᠮ ᠤᠨ ᠠᠭᠤᠤ ᠭᠠᠪᠢᠶ᠎ᠠ ᠠᠤᠭ᠎ᠠ ᠦᠢᠯᠡᠰ ᠢ ᠮᠠᠭᠲᠠᠨ ᠳᠠᠭᠤᠯᠠᠵᠤ᠂ ᠪᠦᠬᠦ ᠨᠡᠶᠢᠭᠡᠮ ᠤᠨ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠰᠢᠨ᠎ᠡ ᠴᠠᠭ ᠦᠶ᠎ᠡ ᠶᠢᠨ ᠪᠦᠯᠬᠦᠮᠳᠡᠨ ᠲᠡᠮᠡᠴᠡᠬᠦ ᠬᠦᠴᠦᠨ ᠢ ᠨᠢᠭᠲᠠᠷᠠᠭᠤᠯᠬᠤ ᠶᠢᠨ ᠬᠠᠮᠲᠤ ᠠᠷᠪᠠᠨ ᠨᠢᠭᠡᠳᠦᠭᠡᠷ ᠬᠤᠭᠤᠴᠠᠭᠠᠨ ᠤ ᠦᠴᠦᠸᠠᠨ ᠤ ᠨᠣᠬᠠᠢ ᠶᠢᠨ ᠬᠤᠰᠢᠭᠤ ᠶᠢᠨ ᠰᠣᠶᠣᠯ ᠤᠨ ᠨᠠᠶᠢᠷ ᠤᠨ ᠬᠤᠭᠤᠴᠠᠭᠠᠨ ᠳᠤ ᠦᠴᠦᠸᠠᠨ ᠤ ᠠᠷᠠᠳ ᠲᠦᠮᠡᠨ ᠳᠤ ᠭᠤᠶᠢᠳᠠ ᠰᠠᠶᠢᠬᠠᠨ ︽ᠰᠣᠶᠣᠯ ᠤᠨ ᠲᠠᠩᠰᠤᠭ ᠬᠤᠭᠤᠯᠠ︾ ᠡᠷᠭᠦᠬᠦ ᠪᠠᠷ ᠵᠣᠷᠢᠯᠭ᠎ᠠ ᠪᠠᠨ ᠪᠣᠯᠭᠠᠭᠰᠠᠨ ᠪᠠᠶᠢᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号