2023 ᠣᠨ ᠤ ᠭᠤᠷᠪᠠᠳᠤᠭᠠᠷ ᠤᠯᠠᠷᠢᠯ ᠤᠨ ᠵᠢᠷᠠᠭᠠᠳ ᠣᠨ ᠤ ᠦᠶ᠎ᠡ ᠳᠤ ᠠᠵᠢᠯᠲᠡᠨ ᠢ ᠴᠣᠮᠬᠠᠳᠬᠠᠵᠤ ᠲᠤᠰᠢᠶᠠᠯ ᠠᠴᠠ ᠨᠢ ᠪᠠᠭᠤᠯᠭᠠᠭᠰᠠᠨ ᠬᠥᠮᠥᠰ ᠤᠨ ᠠᠮᠢᠳᠤᠷᠠᠯ ᠤᠨ ᠨᠥᠬᠦᠪᠦᠷᠢ ᠮᠥᠩᠭᠦ ᠢ ᠳᠣᠷᠣᠭᠰᠢ ᠪᠠᠭᠤᠯᠭᠠᠬᠤ ᠲᠤᠬᠠᠢ ᠦᠴᠦᠸᠠᠨ ᠰᠢᠶᠠᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠮᠡᠳᠡᠭᠳᠡᠯ
ᠨᠡᠶᠢᠲᠡᠯᠡᠭᠰᠡᠨ ᠴᠠᠭ᠄
2023/8/14
ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠳᠤ᠄      ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠤᠨ ︽ᠠᠵᠢᠯᠲᠡᠨ ᠢ ᠴᠣᠮᠬᠠᠳᠬᠠᠵᠤ ᠲᠤᠰᠢᠶᠠᠯ ᠠᠴᠠ ᠨᠢ ᠪᠠᠭᠤᠯᠭᠠᠭᠰᠠᠨ ᠬᠥᠮᠥᠰ ᠤᠨ ᠲᠡᠳᠬᠦᠮᠵᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠲᠤᠬᠠᠢ ᠮᠡᠳᠡᠭᠳᠡᠯ︾ ᠢ ᠳᠠᠮᠵᠢᠭᠤᠯᠤᠨ ᠲᠠᠷᠬᠠᠭᠠᠬᠤ ᠲᠤᠬᠠᠢ ᠬᠥᠬᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠮᠡᠳᠡᠭᠳᠡᠯ ︵ᠬᠥᠬᠡᠬᠤᠲᠠ ᠡᠳ᠋ ᠵᠠᠰᠠᠭ ᠠᠷᠠᠳ ᠶᠠᠪᠤᠳᠠᠯ ﹇2008﹈ 74 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠠᠷᠠᠳ ᠤᠨ ᠶᠠᠪᠤᠳᠠᠯ ᠤᠨ ᠲᠣᠪᠴᠢᠶ᠎ᠠ ᠰᠤᠳᠤᠯᠤᠭᠠᠳ᠂ 2023 ᠣᠨ ᠤ ᠭᠤᠷᠪᠠᠳᠤᠭᠠᠷ ᠤᠯᠠᠷᠢᠯ ᠤᠨ ᠠᠵᠢᠯᠲᠡᠨ ᠢ ᠴᠣᠮᠬᠠᠳᠬᠠᠵᠤ ᠲᠤᠰᠢᠶᠠᠯ ᠠᠴᠠ ᠨᠢ ᠪᠠᠭᠤᠯᠭᠠᠭᠰᠠᠨ 8 ᠬᠥᠮᠥᠨ ᠤ ᠠᠮᠢᠳᠤᠷᠠᠯ ᠤᠨ ᠨᠥᠬᠦᠪᠦᠷᠢ ᠮᠥᠩᠭᠦ ᠶᠢ ᠨᠡᠶᠢᠲᠡ 2400 ᠲᠥᠭᠦᠷᠢᠭ ᠪᠠᠭᠤᠯᠭᠠᠬᠤ ᠪᠠᠷ ᠲᠣᠭᠲᠠᠪᠠ᠃ ᠡᠯ᠎ᠡ ᠰᠢᠶᠠᠩ ᠪᠠᠯᠭᠠᠰᠤ ᠡᠨᠡᠬᠦ ᠮᠡᠳᠡᠭᠳᠡᠯ ᠢ ᠣᠯᠣᠭᠰᠠᠨ ᠤ ᠳᠠᠷᠠᠭ᠎ᠠ ᠪᠦᠷᠢᠨ ᠴᠢᠳᠠᠮᠵᠢᠲᠦ ᠺᠠᠷᠲ ᠢᠶᠠᠷ ᠲᠠᠷᠬᠠᠭᠠᠬᠤ ᠠᠵᠢᠯ ᠢ ᠲᠦᠷᠭᠡᠬᠡᠨ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ᠃                                        ᠦᠴᠦᠸᠠᠨ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ                                              2023 ᠤᠨ 7 ᠰᠠᠷ᠎ᠠ ᠶᠢᠨ 25 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号