2023 ᠣᠨ ᠤ ᠬᠤᠶᠠᠳᠤᠭᠠᠷ ᠤᠯᠠᠷᠢᠯ ᠤᠨ ᠴᠠᠬᠢᠯᠭᠠᠨ ᠤ ᠦᠨ᠎ᠡ ᠶᠢᠨ ᠨᠥᠬᠦᠪᠦᠷᠢ ᠮᠥᠩᠭᠦ ᠶᠢ ᠳᠣᠷᠣᠭᠰᠢ ᠪᠠᠭᠤᠯᠭᠠᠬᠤ ᠲᠤᠬᠠᠢ ᠦᠴᠦᠸᠠᠨ ᠰᠢᠶᠠᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠮᠡᠳᠡᠭᠳᠡᠯ
ᠨᠡᠶᠢᠲᠡᠯᠡᠭᠰᠡᠨ ᠴᠠᠭ᠄
2023/8/14
ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠳᠤ᠄      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ︽ᠥᠪᠥᠷ ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠤ 2023 ᠣᠨ ᠤ 4 ︱ 6 ᠳ᠋ᠤᠭᠠᠷ ᠰᠠᠷ᠎ᠠ ᠶᠢᠨ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠲᠡᠭᠡᠳ᠂ ᠮᠠᠯᠵᠢᠬᠤ ᠲᠠᠷᠢᠶᠠᠯᠠᠬᠤ ᠣᠷᠣᠨ ᠤ ᠣᠨᠴᠠ ᠬᠦᠴᠢᠷᠳᠡᠯᠲᠡᠢ ᠬᠥᠮᠥᠰ ᠤᠨ ᠴᠠᠬᠢᠯᠭᠠᠨ ᠤ ᠦᠨ᠎ᠡ ᠶᠢᠨ ᠨᠥᠬᠦᠪᠦᠷᠢ ᠮᠥᠩᠭᠦ ᠶᠢ ᠳᠣᠷᠣᠭᠰᠢ ᠪᠠᠭᠤᠯᠭᠠᠬᠤ ᠲᠤᠬᠠᠢ ᠮᠡᠳᠡᠭᠳᠡᠯ︾ ︵ᠥᠪᠥᠷ ᠠᠷᠠᠳ ᠶᠠᠪᠤᠳᠠᠯ ᠠᠯᠪᠠᠨ ﹇2023﹈ 33 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠳᠦᠭᠡ 2023 ᠣᠨ ᠤ ᠬᠤᠶᠠᠳᠤᠭᠠᠷ ᠤᠯᠠᠷᠢᠯ ᠤᠨ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠬᠥᠳᠡᠭᠡ ᠲᠣᠰᠬᠤᠨ ᠤ ᠣᠨᠴᠠ ᠬᠦᠴᠢᠷᠳᠡᠯᠲᠡᠢ ᠠᠰᠠᠷᠠᠨ ᠲᠡᠵᠢᠭᠡᠭᠳᠡᠬᠦ ᠡᠲᠡᠭᠡᠳ ᠤᠨ ᠴᠠᠬᠢᠯᠭᠠᠨ ᠤ ᠦᠨ᠎ᠡ ᠶᠢᠨ ᠨᠥᠬᠦᠪᠦᠷᠢ ᠮᠥᠩᠭᠦ ᠶᠢ ᠲᠠᠨᠠᠷ ᠲᠤ ᠪᠠᠭᠤᠯᠭᠠᠨ ᠥᠭᠴᠦ᠂ 2023 ᠣᠨ ᠤ 7 ᠳ᠋ᠤᠭᠠᠷ ᠰᠠᠷ᠎ᠠ ᠶᠢᠨ ᠡᠷᠦᠬᠡ ᠶᠢᠨ ᠲᠤᠭ᠎ᠠ ᠪᠠᠷ ᠪᠠᠷᠢᠮᠵᠢᠶ᠎ᠠ ᠪᠣᠯᠭᠠᠵᠤ᠂ ︵2023 ᠣᠨ ᠤ 7 ᠳ᠋ᠤᠭᠠᠷ ᠰᠠᠷ᠎ᠠ ᠶᠢᠨ ᠰᠢᠨ᠎ᠡ ᠪᠠᠷ ᠨᠡᠮᠡᠭᠳᠡᠭᠰᠡᠨ ᠡᠷᠦᠬᠡ ᠶᠢᠨ ᠲᠤᠭ᠎ᠠ ᠶᠢ ᠬᠠᠰᠤᠪᠠ︶ ᠨᠡᠶᠢᠲᠡ 17706 ᠡᠷᠦᠬᠡ ᠪᠣᠶ᠃ ᠬᠤᠲᠠ ᠪᠠᠯᠭᠠᠰᠤᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭᠠᠲᠤ ᠡᠷᠦᠬᠡ 387᠂ ᠡᠷᠦᠬᠡ ᠪᠦᠷᠢ ᠳᠤ 18.65 ᠲᠥᠭᠦᠷᠢᠭ᠂ ᠨᠡᠶᠢᠲᠡ 7217.55 ᠲᠥᠭᠦᠷᠢᠭ ᠣᠯᠭᠤᠨ᠎ᠠ᠃ ᠬᠥᠳᠡᠭᠡ ᠲᠣᠰᠬᠤᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭᠠᠲᠤ ᠡᠷᠦᠬᠡ 16019᠂ ᠡᠷᠦᠬᠡ ᠪᠦᠷᠢ ᠳᠤ 18.65 ᠲᠥᠭᠦᠷᠢᠭ᠂ ᠨᠡᠶᠢᠲᠡ 298754.35 ᠲᠥᠭᠦᠷᠢᠭ ᠣᠯᠭᠤᠨ᠎ᠠ᠃ ᠬᠥᠳᠡᠭᠡ ᠲᠣᠰᠬᠤᠨ ᠤ ᠲᠠᠪᠤᠨ ᠪᠠᠲᠤᠯᠠᠭᠠᠲᠤ ᠡᠷᠦᠬᠡ 1300᠂ 24251.9 ᠲᠥᠭᠦᠷᠢᠭ ︵ ᠬᠥᠬᠡ ᠡᠷᠭᠢ ᠪᠠᠯᠭᠠᠰᠤᠨ ᠤ ᠲᠥᠪ ᠤᠨ ᠨᠠᠰᠤᠲᠠᠨ ᠢ ᠠᠰᠠᠷᠠᠬᠤ ᠬᠦᠷᠢᠶᠡᠯᠡᠩ ᠡᠷᠦᠬᠡ ᠪᠦᠷᠢ 18.71 ᠲᠥᠭᠦᠷᠢᠭ᠂ ᠡᠭᠦᠨ ᠠᠴᠠ ᠭᠠᠳᠠᠨ᠎ᠠ 0.06 ᠲᠥᠭᠦᠷᠢᠭ ᠨᠡᠮᠡᠨ᠎ᠡ︶᠂ ᠨᠡᠶᠢᠲᠡ 330223.8 ᠲᠥᠭᠦᠷᠢᠭ᠃ ᠡᠯ᠎ᠡ ᠰᠢᠶᠠᠩ ᠪᠠᠯᠭᠠᠰᠤ ᠮᠡᠳᠡᠭᠳᠡᠯ ᠢ ᠣᠯᠣᠭᠰᠠᠨ ᠤ ᠳᠠᠷᠠᠭ᠎ᠠ᠂ ᠪᠦᠷᠢᠨ ᠴᠢᠳᠠᠮᠵᠢᠲᠦ ᠺᠠᠷᠲ ᠤᠨ ᠲᠠᠷᠬᠠᠭᠠᠬᠤ ᠬᠡᠯᠪᠡᠷᠢ ᠪᠠᠷ ᠠᠯᠢ ᠲᠦᠷᠭᠡᠨ ᠢᠶᠠᠷ ᠪᠣᠳᠠᠲᠠᠢ ᠳᠤ ᠣᠯᠭᠤᠬᠤ ᠬᠡᠷᠡᠭᠲᠡᠢ᠂ ᠦᠯᠡᠳᠡᠭᠡᠨ ᠠᠪᠴᠤ᠂ ᠰᠢᠬᠠᠨ ᠡᠵᠡᠯᠡᠵᠦ᠂ ᠨᠡᠭᠦᠯᠭᠡᠨ ᠬᠡᠷᠡᠭᠯᠡᠵᠦ ᠪᠣᠯᠬᠤ ᠦᠭᠡᠢ᠃                                        ᠦᠴᠦᠸᠠᠨ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ                                              2023 ᠤᠨ 7 ᠰᠠᠷ᠎ᠠ ᠶᠢᠨ 25 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号