ᠦᠴᠤᠸᠠᠨ ᠰᠢᠶᠠᠨ ᠤ ᠬᠥᠬᠡ ᠡᠷᠭᠢ ᠪᠠᠯᠭᠠᠰᠤᠨ ᠤ ᠲᠥᠪ ᠤᠨ ᠨᠠᠰᠤᠲᠠᠨ ᠢ ᠠᠰᠠᠷᠠᠬᠤ ᠬᠦᠷᠢᠶᠡᠯᠡᠩ᠂ ᠴᠤᠸᠠᠨ ᠾᠧ | ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠳᠤ᠄ | | ︽ᠣᠨᠴᠠ ᠬᠦᠴᠢᠷᠳᠡᠯᠲᠡᠶ ᠬᠥᠮᠦᠰ ᠢ ᠮᠠᠭᠠᠳᠯᠠᠨ ᠲᠣᠭᠲᠠᠭᠠᠬᠤ ᠠᠷᠭ᠎ᠠ︾ ︵ᠠᠷᠠᠳ ᠲᠠᠷᠬᠠᠭᠠᠭᠰᠠᠨ | ︹2021︺ 43 ᠳ᠋ᠤᠭᠠᠷ ᠲᠣᠭᠠᠲᠤ︶ ︽ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ | ᠲᠡᠵᠢᠭᠡᠬᠦ ᠲᠦᠷᠢᠮ ᠢ ᠤᠯᠠᠮ ᠨᠢᠭᠡ ᠠᠯᠬᠤᠮ ᠪᠦᠷᠢᠨᠰᠢᠬᠦᠯᠬᠦ ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ ᠶᠠᠪᠤᠭᠤᠯᠬᠤ | ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠬᠥᠬᠡᠬᠤᠲᠠ ᠵᠠᠰᠠᠭ | ᠠᠯᠪᠠᠨ ᠲᠠᠷᠬᠠᠭᠠᠭᠰᠠᠨ ︹2017︺ 20 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ | ᠰᠠᠨᠠᠭᠠᠨ ᠤ ᠱᠠᠭᠠᠷᠳᠠᠯᠭ᠎ᠠ ᠶᠣᠰᠣᠭᠠᠷ᠂ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠰᠤᠳᠤᠯᠤᠯᠲᠠ ᠪᠠᠷ ᠳᠡᠮᠵᠢᠨ᠂ ᠬᠥᠬᠡ ᠡᠷᠭᠢ ᠪᠠᠯᠭᠠᠰᠤᠨ ᠤ ᠲᠥᠪ ᠤᠨ ᠨᠠᠰᠤᠲᠠᠨ ᠢ ᠠᠰᠠᠷᠠᠬᠤ | ᠬᠦᠷᠢᠶᠡᠯᠡᠩ᠂ ᠴᠤᠸᠠᠨ ᠾᠧ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠪᠠᠷ ᠲᠣᠰ ᠲᠣᠰ ᠲᠥᠪᠯᠡᠷᠡᠨ ᠰᠠᠭᠤᠵᠤ | ᠪᠠᠶᠢᠭ᠎ᠠ ᠣᠨᠴᠠ ᠬᠦᠴᠢᠷᠳᠡᠯᠲᠡᠢ ᠠᠰᠠᠷᠠᠨ ᠲᠡᠵᠢᠭᠡᠬᠦ ᠴᠢᠳᠠᠪᠤᠷᠢ ᠪᠠᠨ ᠠᠯᠳᠠᠭᠰᠠᠨ ᠬᠥᠮᠥᠰ ᠢ ᠬᠠᠷᠠᠭᠠᠯᠵᠠᠨ ᠠᠰᠠᠷᠠᠬᠤ | ᠠᠵᠢᠯ ᠢ ᠬᠠᠷᠢᠭᠤᠴᠠᠭᠤᠯᠬᠤ ᠪᠠᠷ ᠲᠣᠭᠲᠠᠪᠠ᠃ | ᠴᠢᠳᠠᠪᠤᠷᠢ ᠪᠠᠨ ᠬᠠᠭᠠᠰ ᠠᠯᠳᠠᠭᠰᠠᠨ ᠣᠨᠴᠠ ᠬᠦᠴᠢᠷᠳᠡᠯᠲᠡᠶ ᠬᠥᠮᠦᠰ ᠤᠨ ᠰᠤᠪᠢᠯᠠᠯᠲᠠ ᠶᠢᠨ ᠵᠠᠷᠤᠳᠠᠯ | ᠬᠥᠮᠥᠨ ᠪᠦᠷᠢ 496 ᠲᠥᠭᠦᠷᠢᠭ / ᠰᠠᠷ᠎ᠠ᠂ ᠴᠢᠳᠠᠪᠤᠷᠢ ᠪᠠᠨ ᠪᠦᠷᠢᠨ ᠠᠯᠳᠠᠭᠰᠠᠨ ᠣᠨᠴᠠ ᠬᠦᠴᠢᠷᠳᠡᠯᠲᠡᠶ | ᠬᠥᠮᠦᠰ ᠤᠨ ᠰᠤᠪᠢᠯᠠᠯᠲᠠ ᠶᠢᠨ ᠵᠠᠷᠤᠳᠠᠯ ᠬᠥᠮᠥᠨ ᠪᠦᠷᠢ 1265 ᠲᠥᠭᠦᠷᠢᠭ / ᠰᠠᠷ᠎ᠠ ᠶᠢᠨ ᠠᠰᠠᠷᠠᠨ ᠰᠤᠪᠢᠯᠠᠬᠤ | ᠪᠠᠷᠢᠮᠵᠢᠶ᠎ᠠ ᠪᠠᠷ᠂ ᠣᠲᠣ ᠬᠥᠬᠡ ᠡᠷᠭᠢ ᠪᠠᠯᠭᠠᠰᠤᠨ ᠤ ᠲᠥᠪ ᠤᠨ ᠨᠠᠰᠤᠲᠠᠨ ᠢ ᠠᠰᠠᠷᠠᠬᠤ ᠬᠦᠷᠢᠶᠡᠯᠡᠩ᠂ ᠴᠤᠸᠠᠨ | ᠾᠧ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠳᠤ 2023 ᠣᠨ ᠤ 8 ᠳ᠋ᠤᠭᠠᠷ ᠰᠠᠷ᠎ᠠ ᠶᠢᠨ ᠬᠥᠳᠡᠭᠡ | ᠲᠣᠰᠬᠤᠨ ᠤ ᠣᠨᠴᠠ ᠬᠦᠴᠢᠷᠳᠡᠯᠲᠡᠶ ᠴᠢᠳᠠᠪᠤᠷᠢ ᠪᠠᠨ ᠠᠯᠳᠠᠭᠰᠠᠨ ᠬᠥᠮᠦᠰ ᠢ ᠲᠦᠪᠯᠡᠷᠡᠭᠦᠯᠤᠨ ᠠᠰᠠᠷᠠᠨ ᠰᠤᠪᠢᠯᠠᠬᠤ | ᠨᠥᠬᠦᠪᠥᠷᠢ ᠮᠥᠩᠭᠦ ᠶᠢ ᠪᠠᠭᠤᠯᠭᠠᠬᠤ ᠪᠠᠷ ᠲᠣᠭᠲᠠᠪᠠ᠂ ᠮᠠᠭᠠᠳᠯᠠᠨ ᠲᠣᠭᠲᠠᠭᠠᠵᠤ ᠬᠢᠨᠠᠨ ᠬᠠᠷᠭᠤᠭᠤᠯᠬᠤ ᠪᠠᠷ | ᠳᠠᠮᠵᠢᠨ 2023 ᠣᠨ ᠤ 8 ᠳ᠋ᠤᠭᠠᠷ ᠰᠠᠷ᠎ᠠ ᠳᠤ ᠬᠥᠬᠡ ᠡᠷᠭᠢ ᠪᠠᠯᠭᠠᠰᠤᠨ ᠤ ᠲᠥᠪ ᠤᠨ ᠨᠠᠰᠤᠲᠠᠨ ᠢ ᠠᠰᠠᠷᠠᠬᠤ | ᠬᠦᠷᠢᠶᠡᠯᠡᠩ ᠳᠤ ᠬᠥᠳᠡᠭᠡ ᠲᠣᠰᠬᠤᠨ ᠤ ᠲᠥᠪᠯᠡᠷᠡᠭᠦᠯᠦᠨ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠶ | ᠴᠢᠳᠠᠪᠤᠷᠢ ᠪᠠᠨ ᠪᠦᠷᠢᠨ ᠠᠯᠳᠠᠭᠰᠠᠨ 21 ᠬᠥᠮᠦᠨ᠂ ᠴᠢᠳᠠᠪᠤᠷᠢ ᠪᠠᠨ ᠬᠠᠭᠠᠰ ᠠᠯᠳᠠᠭᠰᠠᠨ 19 ᠬᠥᠮᠦᠨ᠂ ᠨᠡᠶᠢᠲᠡ | 35989 ᠲᠥᠭᠦᠷᠢᠭ ᠤᠨ ᠰᠤᠪᠢᠯᠠᠯᠲᠠ ᠶᠢᠨ ᠨᠥᠬᠦᠪᠥᠷᠢ ᠮᠥᠩᠭᠦ ᠲᠠᠷᠬᠠᠭᠠᠪᠠ᠃ ᠴᠤᠸᠠᠨ ᠾᠧ | ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠳᠤ ᠬᠥᠳᠡᠭᠡ ᠲᠣᠰᠬᠤᠨ ᠤ ᠲᠥᠪᠯᠡᠷᠡᠭᠦᠯᠦᠨ ᠠᠰᠠᠷᠠᠨ ᠲᠡᠵᠢᠭᠡᠵᠦ | ᠪᠠᠶᠢᠭ᠎ᠠ ᠣᠨᠴᠠ ᠬᠦᠴᠢᠷᠳᠡᠯᠲᠡᠶ ᠴᠢᠳᠠᠪᠤᠷᠢ ᠪᠠᠨ ᠪᠦᠷᠢᠨ ᠠᠯᠳᠠᠭᠰᠠᠨ 32 ᠬᠥᠮᠦᠨ᠂ ᠴᠢᠳᠠᠪᠤᠷᠢ ᠪᠠᠨ ᠬᠠᠭᠠᠰ | ᠠᠯᠳᠠᠭᠰᠠᠨ 19 ᠬᠥᠮᠦᠨ᠂ ᠨᠡᠶᠢᠲᠡ 49904 ᠲᠥᠭᠦᠷᠢᠭ ᠤᠨ ᠰᠤᠪᠢᠯᠠᠯᠲᠠ ᠶᠢᠨ ᠨᠥᠬᠦᠪᠥᠷᠢ ᠮᠥᠩᠭᠦ ᠪᠠᠭᠤᠯᠭᠠᠪᠠ᠃ | 2023 ᠣᠨ ᠤ 8 ᠳ᠋ᠤᠭᠠᠷ ᠰᠠᠷ᠎ᠠ ᠳᠤ ᠬᠥᠳᠡᠭᠡ ᠲᠣᠰᠬᠤᠨ ᠤ ᠲᠥᠪᠯᠡᠷᠡᠭᠦᠯᠦᠨ ᠠᠰᠠᠷᠠᠨ ᠲᠡᠵᠢᠭᠡᠵᠦ ᠪᠠᠶᠢᠭ᠎ᠠ | ᠣᠨᠴᠠ ᠬᠦᠴᠢᠷᠳᠡᠯᠲᠡᠶ ᠴᠢᠳᠠᠪᠤᠷᠢ ᠪᠠᠨ ᠠᠯᠳᠠᠭᠰᠠᠨ ᠨᠡᠶᠢᠲᠡ 91 ᠬᠥᠮᠦᠨ ᠪᠠᠶᠢᠵᠤ᠂ ᠰᠤᠪᠢᠯᠠᠯᠲᠠ ᠶᠢᠨ ᠨᠥᠬᠦᠪᠥᠷᠢ | ᠮᠥᠩᠭᠦ ᠶᠢ ᠨᠡᠶᠢᠲᠡ 85893 ᠲᠥᠭᠦᠷᠢᠭ ᠪᠠᠭᠤᠯᠭᠠᠪᠠ᠂ ᠠᠯᠢ ᠲᠦᠷᠭᠡᠨ ᠢᠶᠠᠷ ᠲᠦᠭᠡᠭᠡᠵᠦ ᠳᠠᠭᠤᠰᠬᠠᠭᠠᠷᠠᠢ᠃ | | | | ᠦᠴᠦᠸᠠᠨ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ | 2023 ᠣᠨ ᠤ 7 ᠰᠠᠷ᠎ᠠ ᠶᠢᠨ 26 ᠤ ᠡᠳᠦᠷ |