ᠦᠴᠦᠸᠠᠨ ᠰᠢᠶᠠᠨ ᠤ ᠬᠥᠬᠡ ᠡᠷᠭᠢ ᠪᠠᠯᠭᠠᠰᠤᠨ ᠤ ᠲᠥᠪ ᠤᠨ ᠨᠠᠰᠤᠲᠠᠨ ᠢ ᠠᠰᠠᠷᠠᠬᠤ ᠬᠦᠷᠢᠶᠡᠯᠡᠩ᠂ ᠴᠤᠸᠠᠨ ᠾᠧ | ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠳᠤ᠄ | | ︽ᠣᠨᠴᠠ ᠬᠦᠴᠢᠷᠳᠡᠯᠲᠡᠢ ᠬᠥᠮᠥᠰ ᠢ ᠮᠠᠭᠠᠳᠯᠠᠨ ᠲᠣᠭᠲᠠᠭᠠᠬᠤ ᠠᠷᠭ᠎ᠠ︾ ︵ᠠᠷᠠᠳ ᠲᠠᠷᠬᠠᠭᠠᠭᠰᠠᠨ | ﹇2021﹈ 43 ᠳ᠋ᠤᠭᠠᠷ ᠲᠣᠭᠠᠲᠤ︶ ︽ᠬᠥᠬᠡᠬᠤᠲᠠ ᠶᠢᠨ ᠣᠨᠴᠠ ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠵᠤ | ᠠᠰᠠᠷᠠᠨ ᠲᠡᠵᠢᠭᠡᠬᠦ ᠳᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠬᠦ ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ | ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ | ︵ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2017﹈ 20 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ | ᠵᠣᠷᠢᠭ ᠰᠠᠨᠠᠭᠠᠨ ᠤ ᠱᠠᠭᠠᠷᠳᠠᠯᠭ᠎ᠠ ᠶᠣᠰᠣᠭᠠᠷ᠂ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠰᠤᠳᠤᠯᠤᠯᠲᠠ ᠪᠠᠷ ᠳᠡᠮᠵᠢᠨ᠂ ᠬᠥᠬᠡ ᠡᠷᠭᠢ ᠪᠠᠯᠭᠠᠰᠤᠨ ᠤ ᠲᠥᠪ ᠤᠨ ᠨᠠᠰᠤᠲᠠᠨ ᠢ ᠠᠰᠠᠷᠠᠬᠤ | ᠬᠦᠷᠢᠶᠡᠯᠡᠩ᠂ ᠴᠤᠸᠠᠨ ᠾᠧ ᠨᠠᠰᠤᠲᠠᠶᠢᠴᠤᠳ ᠤᠨ ᠨᠡᠶᠢᠲᠡ ᠶᠢᠨ ᠰᠠᠭᠤᠴᠠ ᠪᠠᠷ ᠲᠣᠰ ᠲᠣᠰ ᠲᠥᠪᠯᠡᠷᠡᠨ ᠰᠠᠭᠤᠵᠤ | ᠪᠠᠶᠢᠭ᠎ᠠ ᠣᠨᠴᠠ ᠬᠦᠴᠢᠷᠳᠡᠯᠲᠡᠢ ᠠᠰᠠᠷᠠᠨ ᠲᠡᠵᠢᠭᠡᠬᠦ ᠴᠢᠳᠠᠪᠤᠷᠢ ᠪᠠᠨ ᠠᠯᠳᠠᠭᠰᠠᠨ ᠬᠥᠮᠥᠰ ᠢ ᠬᠠᠷᠠᠭᠠᠯᠵᠠᠨ ᠠᠰᠠᠷᠠᠬᠤ | ᠠᠵᠢᠯ ᠢ ᠬᠠᠷᠢᠭᠤᠴᠠᠭᠤᠯᠬᠤ ᠪᠠᠷ ᠲᠣᠭᠲᠠᠪᠠ᠃ | ᠴᠢᠳᠠᠪᠤᠷᠢ ᠪᠠᠨ ᠬᠠᠭᠠᠰ ᠠᠯᠳᠠᠭᠰᠠᠨ ᠣᠨᠴᠠ ᠬᠦᠴᠢᠷᠳᠡᠯᠲᠡᠶ ᠬᠥᠮᠥᠰ ᠢ ᠠᠰᠠᠷᠠᠨ ᠰᠤᠪᠢᠯᠠᠬᠤ ᠵᠠᠷᠤᠳᠠᠯ | ᠬᠥᠮᠥᠨ ᠪᠦᠷᠢ 496 ᠲᠥᠭᠦᠷᠢᠭ\ ᠰᠠᠷ᠎ᠠ᠂ ᠴᠢᠳᠠᠪᠤᠷᠢ ᠪᠠᠨ ᠪᠦᠷᠢᠨ ᠠᠯᠳᠠᠭᠰᠠᠨ ᠣᠨᠴᠠ ᠬᠦᠴᠢᠷᠳᠡᠯᠲᠡᠶ | ᠬᠥᠮᠥᠰ ᠤᠨ ᠠᠰᠠᠷᠠᠨ ᠰᠤᠪᠢᠯᠠᠬᠤ ᠵᠠᠷᠤᠳᠠᠯ ᠬᠥᠮᠥᠨ ᠪᠦᠷᠢ 1265 ᠲᠥᠭᠦᠷᠢᠭ/ᠰᠠᠷ᠎ᠠ ᠶᠢᠨ ᠠᠰᠠᠷᠠᠨ ᠰᠤᠪᠢᠯᠠᠬᠤ | ᠪᠠᠷᠢᠮᠵᠢᠶ᠎ᠠ ᠪᠠᠷ᠂ ᠣᠲᠣ ᠬᠥᠬᠡ ᠡᠷᠭᠢ ᠪᠠᠯᠭᠠᠰᠤᠨ ᠤ ᠲᠥᠪ ᠤᠨ ᠨᠠᠰᠤᠲᠠᠨ ᠢ ᠠᠰᠠᠷᠠᠬᠤ ᠬᠦᠷᠢᠶᠡᠯᠡᠩ᠂ ᠴᠤᠸᠠᠨ | ᠾᠧ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠳᠤ 2023 ᠣᠨ ᠤ 8 ᠳ᠋ᠤᠭᠠᠷ ᠰᠠᠷ᠎ᠠ ᠶᠢᠨ ᠬᠤᠲᠠ | ᠪᠠᠯᠭᠠᠰᠤᠨ ᠤ ᠣᠨᠴᠠ ᠬᠦᠴᠢᠷᠳᠡᠯᠲᠡᠶ ᠬᠥᠮᠥᠰ ᠢ ᠲᠥᠪᠯᠡᠷᠡᠭᠦᠯᠦᠨ ᠠᠰᠠᠷᠠᠨ ᠰᠤᠪᠢᠯᠠᠬᠤ ᠨᠥᠬᠦᠪᠦᠷᠢ ᠮᠥᠩᠭᠦ ᠶᠢ | ᠪᠠᠭᠤᠯᠭᠠᠬᠤ ᠪᠠᠷ ᠲᠣᠭᠲᠠᠪᠠ᠂ ᠮᠠᠭᠠᠳᠯᠠᠨ ᠲᠣᠭᠲᠠᠭᠠᠵᠤ ᠬᠢᠨᠠᠨ ᠬᠠᠷᠭᠤᠭᠤᠯᠬᠤ ᠪᠠᠷ ᠳᠡᠮᠵᠢᠨ 2023 ᠣᠨ ᠤ 8 | ᠳ᠋ᠤᠭᠠᠷ ᠰᠠᠷ᠎ᠠ ᠳᠤ ᠬᠤᠲᠠ ᠪᠠᠯᠭᠠᠰᠤᠨ ᠤ ᠲᠥᠪᠯᠡᠷᠡᠭᠦᠯᠦᠨ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠶ | ᠴᠢᠳᠠᠪᠤᠷᠢ ᠪᠠᠨ ᠪᠦᠷᠢᠨ ᠠᠯᠳᠠᠭᠰᠠᠨ 1 ᠬᠥᠮᠥᠨ᠂ ᠴᠢᠳᠠᠪᠤᠷᠢ ᠪᠠᠨ ᠬᠠᠭᠠᠰ ᠠᠯᠳᠠᠭᠰᠠᠨ 0 ᠬᠥᠮᠥᠨ᠃ 2023 | ᠣᠨ ᠤ 8 ᠳ᠋ᠤᠭᠠᠷ ᠰᠠᠷ᠎ᠠ ᠳᠤ ᠬᠤᠲᠠ ᠪᠠᠯᠭᠠᠰᠤᠨ ᠤ ᠲᠥᠪᠯᠡᠷᠡᠭᠦᠯᠦᠨ ᠠᠰᠠᠷᠠᠨ ᠲᠡᠵᠢᠭᠡᠵᠦ ᠪᠠᠶᠢᠭ᠎ᠠ ᠣᠨᠴᠠ | ᠬᠦᠴᠢᠷᠳᠡᠯᠲᠡᠢ ᠴᠢᠳᠠᠪᠤᠷᠢ ᠪᠠᠨ ᠠᠯᠳᠠᠭᠰᠠᠨ ᠬᠥᠮᠥᠨ ᠨᠡᠶᠢᠲᠡ 1 ᠪᠠᠶᠢᠵᠤ᠂ ᠬᠥᠬᠡ ᠡᠷᠭᠢ ᠪᠠᠯᠭᠠᠰᠤᠨ ᠤ ᠲᠥᠪ ᠤᠨ | ᠨᠠᠰᠤᠲᠠᠨ ᠢ ᠠᠰᠠᠷᠠᠬᠤ ᠬᠦᠷᠢᠶᠡᠯᠡᠩ ᠳᠤ ᠰᠠᠭᠤᠵᠤ ᠪᠣᠶ᠂ ᠠᠰᠠᠷᠠᠨ ᠰᠤᠪᠢᠯᠠᠬᠤ ᠨᠥᠬᠦᠪᠦᠷᠢ ᠮᠥᠩᠭᠦ ᠨᠡᠶᠢᠲᠡ | 1265 ᠲᠥᠭᠦᠷᠢᠭ᠂ ᠠᠯᠢ ᠲᠦᠷᠭᠡᠨ ᠢᠶᠠᠷ ᠲᠦᠭᠡᠭᠡᠵᠦ ᠳᠠᠭᠤᠰᠬᠠᠭᠠᠷᠠᠢ᠃ | | | ᠦᠴᠦᠸᠠᠨ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ | 2023 ᠣᠨ ᠤ 7 ᠰᠠᠷ᠎ᠠ ᠶᠢᠨ 26 ᠤ ᠡᠳᠦᠷ |