ᠮᠠᠨ ᠤ ᠣᠷᠣᠨ 2023 ᠣᠨ ᠤ ᠭᠤᠷᠪᠠᠳᠤᠭᠠᠷ ᠬᠤᠭᠤᠴᠠᠭᠠᠨ ᠤ ᠴᠠᠭ ᠤᠨ ᠪᠠᠶᠢᠳᠠᠯ ᠲᠥᠷᠥ ᠶᠢᠨ ᠪᠣᠳᠣᠯᠭ᠎ᠠ ᠶᠢᠨ ᠮᠡᠳᠡᠭᠦᠯᠦᠯᠲᠡ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2023/8/14

     8 ᠰᠠᠷ᠎ᠠ ᠶᠢᠨ 11 ᠤ ᠡᠳᠦᠷ᠂ ᠮᠠᠨ ᠤ ᠣᠷᠣᠨ 2023 ᠣᠨ ᠤ ᠭᠤᠷᠪᠠᠳᠤᠭᠠᠷ ᠬᠤᠭᠤᠴᠠᠭᠠᠨ ᠤ ᠴᠠᠭ ᠤᠨ

ᠪᠠᠶᠢᠳᠠᠯ ᠲᠥᠷᠥ ᠶᠢᠨ ᠪᠣᠳᠣᠯᠭ᠎ᠠ ᠶᠢᠨ ᠮᠡᠳᠡᠭᠦᠯᠦᠯᠲᠡ ᠶᠢᠨ ᠬᠤᠷᠠᠯ ᠬᠢᠪᠡ᠃

     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋

ᠳᠠᠷᠤᠭ᠎ᠠ᠂ ᠰᠣᠨᠢᠨ ᠮᠡᠳᠡᠭᠡ ᠬᠡᠪᠯᠡᠯ ᠤᠨ ᠲᠣᠪᠴᠢᠶ᠎ᠠ ︵ᠬᠡᠪᠯᠡᠯ ᠤᠨ ᠡᠷᠬᠡ ᠶᠢᠨ ᠲᠣᠪᠴᠢᠶ᠎ᠠ︶ ᠶᠢᠨ ᠳᠠᠷᠤᠭ᠎ᠠ ᠹᠦ᠋ ᠯᠧᠢ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠰᠣᠶᠣᠯ ᠤᠨ ᠪᠠᠶᠢᠭᠤᠯᠤᠯᠲᠠ ᠶᠢᠨ ᠲᠤᠬᠠᠢ ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ ᠰᠢᠨ᠎ᠡ ᠨᠤᠲᠠᠯᠠᠯᠲᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠣᠭᠤᠷᠢᠨ ᠳᠤ᠂ ᠳᠤᠮᠳᠠᠳᠤ ᠶᠢᠨ ᠪᠣᠯᠪᠠᠰᠤᠨ ᠤ ᠲᠠᠪᠤᠨ ᠲᠣᠪᠣᠶᠢᠮ᠎ᠠ ᠣᠨᠴᠠᠯᠢᠭ ᠲᠠᠢ ᠤᠶᠠᠯᠳᠤᠭᠤᠯᠵᠤ᠂ ︽ᠬᠤᠶᠠᠷ ᠢ ᠤᠶᠠᠯᠳᠤᠭᠤᠯᠬᠤ︾ ᠶᠢᠨ ᠴᠢᠬᠤᠯᠠ ᠶᠡᠭᠡ ᠠᠴᠢ ᠬᠤᠯᠪᠣᠭᠳᠠᠯ᠂ ︽ᠤᠮᠠᠷᠠᠲᠤ ᠬᠢᠯᠢ ᠶᠢᠨ ᠰᠣᠶᠣᠯ︾ ᠤᠨ ᠲᠥᠷᠥᠯ ᠲᠡᠮᠳᠡᠭ ᠢ ᠠᠯᠳᠠᠷᠰᠢᠭᠤᠯᠬᠤ ᠵᠡᠷᠭᠡ ᠠᠭᠤᠯᠭ᠎ᠠ ᠶᠢ ᠭᠦᠨᠵᠡᠭᠡᠢ ᠲᠣᠳᠣᠷᠬᠠᠶᠢᠯᠠᠨ ᠲᠠᠶᠢᠯᠪᠤᠷᠢᠯᠠᠭᠰᠠᠨ ᠪᠥᠭᠡᠳ ᠰᠢᠰᠲ᠋ᠧᠮ ᠲᠠᠢ ᠲᠠᠶᠢᠯᠤᠮᠵᠢ ᠬᠢᠪᠡ᠃ ᠮᠡᠳᠡᠭᠦᠯᠦᠯᠲᠡ ᠶᠢᠨ ᠬᠤᠷᠠᠯ ᠨᠢ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ︽ᠤᠮᠠᠷᠠᠲᠤ ᠬᠢᠯᠢ ᠶᠢᠨ ᠰᠣᠶᠣᠯ︾ ᠤᠨ ᠲᠥᠷᠥᠯ ᠲᠡᠮᠳᠡᠭ ᠢ ᠴᠣᠭᠴᠠᠯᠠᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ︽ᠤᠮᠠᠷᠠᠲᠤ ᠬᠢᠯᠢ ᠶᠢᠨ ᠰᠣᠶᠣᠯ︾ ᠤᠨ ᠲᠥᠷᠥᠯ ᠲᠡᠮᠳᠡᠭ ᠤᠨ ᠪᠠᠶᠢᠭᠤᠯᠤᠯᠲᠠ ᠶᠢᠨ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠪᠤᠳᠤᠯ ᠢ ᠦᠨᠡᠨ ᠬᠦ ᠴᠢᠩᠭᠠᠳᠬᠠᠵᠤ᠂ ᠣᠨᠣᠯ ᠤᠨ ᠲᠠᠶᠢᠯᠪᠤᠷᠢᠯᠠᠯᠲᠠ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ᠂ ᠰᠣᠯᠢᠯᠴᠠᠭ᠎ᠠ ᠲᠣᠯᠢᠯᠠᠯ ᠵᠡᠷᠭᠡ ᠲᠠᠯ᠎ᠠ ᠪᠠᠷ ᠤᠮᠠᠷᠠᠲᠤ ᠬᠢᠯᠢ ᠶᠢᠨ ᠡᠬᠡ ᠭᠠᠵᠠᠷ ᠲᠤ ᠦᠨᠳᠦᠰᠦᠯᠡᠭᠰᠡᠨ ᠰᠢᠯᠢᠳᠡᠭ ᠰᠣᠶᠣᠯ ᠢ ᠬᠥᠭᠵᠢᠭᠡᠵᠦ᠂ ᠥᠪᠥᠷ ᠮᠣᠩᠭᠤᠯ ᠤᠨ ᠨᠡᠷ᠎ᠡ ᠠᠯᠳᠠᠷᠰᠢᠯ ᠪᠠ ᠨᠥᠯᠥᠭᠡᠯᠡᠬᠦ ᠬᠦᠴᠦᠨ ᠢ ᠴᠢᠨᠠᠭᠰᠢᠳᠠ ᠳᠡᠭᠡᠭᠰᠢᠯᠡᠭᠦᠯᠭᠦ  ᠶᠢ ᠬᠥᠲᠥᠯᠥᠨ ᠵᠢᠯᠣᠭᠤᠳᠪᠠ᠃

     ᠮᠡᠳᠡᠭᠦᠯᠦᠯᠲᠡ ᠶᠢᠨ ᠬᠤᠷᠠᠯ ᠤᠨ ᠠᠬᠤᠢ ᠲᠠᠯᠠᠪᠠᠢ ᠳᠤ ᠤᠯᠠᠨ ᠢᠶᠠᠷ ᠢᠶᠠᠨ ᠨᠠᠷᠢᠨ ᠬᠢᠨᠠᠮᠠᠭᠠᠢ ᠰᠣᠨᠣᠰᠴᠤ

ᠨᠠᠷᠢᠨ ᠲᠡᠮᠳᠡᠭᠯᠡᠪᠡ᠃ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠰᠤᠷᠤᠬᠰᠠᠨ ᠢᠶᠠᠨ ᠬᠡᠷᠡᠭᠯᠡᠬᠦ ᠶᠢ ᠪᠠᠷᠢᠮᠲᠠᠯᠠᠵᠤ᠂

ᠰᠢᠨ᠎ᠡ ᠰᠣᠶᠣᠯ ᠤᠨ ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠵᠦ᠂ ᠳᠤᠮᠳᠠᠳᠤ ᠶᠢᠨ ᠦᠨᠳᠦᠰᠦᠲᠡᠨ ᠤ ᠤᠳᠤ

ᠦᠶ᠎ᠡ ᠶᠢᠨ ᠪᠣᠯᠪᠠᠰᠤᠨ ᠪᠠ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠤᠨ ᠪᠦᠲᠦᠭᠡᠨ

ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠳᠤ ᠥᠪᠥᠷ ᠮᠣᠩᠭᠤᠯ ᠤᠨ ᠬᠤᠪᠢ ᠨᠡᠮᠡᠷᠢ ᠪᠠᠨ

ᠦᠵᠡᠭᠦᠯᠦᠨ᠎ᠡ ᠭᠡᠵᠦ ᠤᠯᠠᠨ ᠢᠶᠠᠷ ᠢᠶᠠᠨ ᠰᠠᠨᠠᠯ ᠨᠢᠭᠡᠲᠡᠢ ᠢᠯᠡᠳᠬᠡᠵᠡᠭᠡᠪᠡ᠃

     ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ

ᠠᠵᠢᠯ ᠦᠢᠯᠡᠰ ᠤᠨ ᠨᠢᠭᠡᠴᠢ᠂ ᠭᠦᠭᠡᠬᠤᠲᠠ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ ᠶᠢᠨ ᠲᠢᠩᠬᠢᠮ ᠤᠨ ᠲᠠᠰ ᠤᠨ

ᠤᠳᠤᠷᠢᠳᠬᠤ ᠺᠠᠳ᠋ᠷ᠂ ᠭᠠᠵᠠᠷ ᠤᠨ ᠲᠠᠰ ᠤᠨ ᠺᠠᠳ᠋ᠷ ᠪᠣᠯᠣᠨ ᠠᠵᠢᠯᠲᠠᠨ ᠠᠵᠢᠯᠴᠢᠨ ᠤ ᠲᠥᠯᠥᠭᠡᠯᠡᠭᠴᠢ ᠭᠤᠣᠯ

ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠢ᠃ ᠬᠤᠷᠠᠯ ᠢ ᠸᠢᠳᠢᠤ᠋ ᠬᠤᠷᠠᠯ ᠤᠨ ᠭᠡᠯᠪᠡᠷᠢ ᠪᠠᠷ ᠡᠯ᠎ᠡ ᠠᠶᠢᠮᠠᠭ

ᠬᠤᠲᠠ ᠭᠦᠷᠳᠡᠯ᠎ᠡ ᠬᠤᠷᠠᠯᠳᠤᠭᠤᠯᠪᠠ᠃

 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号