ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠲᠠᠯ᠎ᠠ ᠨᠤᠲᠤᠭ ᠤᠨ ᠡᠭᠡᠳᠡᠭᠰᠡᠨ ᠰᠦ ᠶᠢᠨ ᠶᠡᠭᠡ ᠬᠤᠷᠠᠯ ᠤᠯᠠᠭᠠᠨᠴᠠᠪ ᠬᠤᠲᠠ ᠳᠤ ᠶᠠᠪᠤᠭᠳᠠᠵᠠᠢ
ᠨᠡᠶᠢᠲᠡᠯᠡᠭᠰᠡᠨ ᠴᠠᠭ᠄
2023/8/14

     ᠣᠶᠢᠷ᠎ᠠ ᠳᠤ᠂ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠲᠠᠯ᠎ᠠ ᠨᠤᠲᠤᠭ ᠤᠨ ᠡᠭᠡᠳᠡᠭᠰᠡᠨ ᠰᠦ

 ᠶᠢᠨ ᠶᠡᠭᠡ ᠬᠤᠷᠠᠯ ︽ᠳᠤᠮᠳᠠᠳᠤ ᠤᠯᠤᠰ ᠤᠨ ᠲᠠᠯ᠎ᠠ ᠨᠤᠲᠤᠭ ᠤᠨ ᠡᠭᠡᠳᠡᠭᠰᠡᠨ ᠰᠦ ᠶᠢᠨ ᠲᠥᠪ︾ ᠤᠯᠠᠭᠠᠨᠴᠠᠪ ᠲᠤ

ᠶᠠᠪᠤᠭᠳᠠᠪᠠ᠃

     ᠲᠣᠰ ᠬᠤᠭᠤᠴᠠᠭᠠᠨ ᠤ ᠶᠡᠭᠡ ᠬᠤᠷᠠᠯ︽ᠡᠭᠡᠳᠡᠭᠰᠡᠨ ᠰᠦ ᠶᠢᠨ ᠦᠢᠯᠡᠰ ᠢ ᠬᠥᠭᠵᠢᠭᠦᠯᠬᠦ ᠳᠤ ᠪᠠᠺᠲ᠋ᠧᠷᠢ ᠶᠢᠨ

ᠲᠦᠷᠦᠯ ᠢ ᠤᠷᠢᠳ ᠢᠶᠠᠷ ᠬᠥᠭᠵᠢᠭᠦᠯᠬᠦ︾ ᠪᠠᠷ ᠭᠤᠣᠯ ᠰᠡᠳᠦᠪ ᠪᠤᠯᠭᠠᠵᠤ᠂ ᠯᠠᠨ ᠬᠡ ᠬᠡ ᠲᠠᠯ᠎ᠠ ᠨᠤᠲᠤᠭ ᠤᠨ

ᠡᠭᠡᠳᠡᠭᠰᠡᠨ ᠰᠦ ᠶᠢᠨ ᠪᠠᠺᠲ᠋ᠧᠷᠢ ᠶᠢᠨ ᠡᠬᠢ ᠪᠠᠶᠠᠯᠢᠭ ᠤᠨ ᠬᠥᠮᠥᠷᠭᠡ ᠪᠠᠶᠢᠭᠤᠯᠵᠤ᠂ ᠲᠠᠯ᠎ᠠ ᠨᠤᠲᠤᠭ ᠤᠨ ᠡᠭᠡᠳᠡᠭᠰᠡᠨ

ᠰᠦ ᠶᠢᠨ ᠲᠥᠷᠥᠯ ᠵᠦᠢᠯ ᠤᠨ ᠪᠦᠭᠦ ᠤᠯᠤᠰ ᠤᠨ ᠠᠩᠬᠠᠳᠠᠭᠴᠢ ᠫᠤᠰᠲ ᠳ᠋ᠣᠺᠲ᠋ᠣᠷ ᠤᠨ ᠰᠢᠨᠵᠢᠯᠡᠬᠦ ᠤᠬᠠᠭᠠᠨ ᠤ

ᠰᠤᠳᠤᠯᠭᠠᠨ ᠤ ᠠᠵᠢᠯ ᠤᠨ ᠥᠷᠲᠡᠭᠡ ᠡᠷᠤᠭᠡ ᠪᠠᠨ ᠰᠡᠬᠦᠭᠰᠡᠨ ᠪᠥᠭᠡᠳ ︽ᠡᠭᠡᠳᠡᠭᠰᠡᠨ ᠰᠦ ᠶᠢᠨ ᠦᠢᠯᠡᠰ ᠢ

ᠬᠥᠭᠵᠢᠭᠦᠯᠬᠦ ᠳᠤ ᠪᠠᠺᠲ᠋ᠧᠷᠢ ᠶᠢᠨ ᠲᠦᠷᠦᠯ ᠢ ᠤᠷᠢᠳ ᠢᠶᠠᠷ ᠬᠥᠭᠵᠢᠭᠦᠯᠬᠦ︾ ᠭᠤᠣᠯ ᠰᠡᠳᠦᠪᠲᠦ ᠶᠠᠷᠢᠶᠠᠨ ᠤ

ᠲᠠᠪᠴᠠᠩ ᠢ ᠡᠷᠭᠢᠯᠡᠨ ᠶᠠᠪᠤᠭᠳᠠᠭᠤᠯᠵᠠᠢ᠃ ᠡᠭᠦᠨ ᠤ ᠬᠠᠮᠲᠤ ᠪᠠᠰᠠ ᠪᠦᠭᠦ ᠤᠯᠤᠰ ᠤᠨ ᠲᠠᠯ᠎ᠠ ᠨᠤᠲᠤᠭ ᠤᠨ

ᠡᠭᠡᠳᠡᠭᠰᠡᠨ ᠰᠦ ᠶᠢᠨ ᠠᠵᠤ ᠦᠢᠯᠡᠰ ᠤᠨ ᠬᠠᠮᠲᠤᠷᠠᠯᠴᠠᠭᠠᠨ ᠤ ᠬᠠᠨᠢᠲᠠᠨ ᠳᠤ ᠲᠠᠯᠠᠷᠬᠠᠬᠤ ᠦᠪᠡᠳᠡᠭᠰᠢ ᠶᠣᠰᠣᠯᠠᠯ

ᠶᠠᠪᠤᠭᠳᠠᠭᠤᠯᠵᠤ᠂ ᠣᠶᠢᠷ᠎ᠠ ᠶᠢᠨ ᠵᠢᠯ ᠤᠨ ᠲᠤᠷᠰᠢᠬᠢ ᠳᠤᠮᠳᠠᠳᠤ ᠤᠯᠤᠰ ᠤᠨ ᠲᠠᠯ᠎ᠠ ᠨᠤᠲᠤᠭ ᠤᠨ ᠡᠭᠡᠳᠡᠭᠰᠡᠨ ᠰᠦ

 ᠶᠢᠨ ᠰᠢᠨ᠎ᠡ ᠶᠢ ᠡᠭᠦᠳᠦᠭᠰᠡᠨ ᠦᠢᠯᠡᠳᠦᠯᠭᠡ ᠶᠢ ᠰᠢᠰᠲ᠋ᠧᠮ ᠲᠠᠢ ᠳᠡᠯᠭᠡᠨ ᠦᠵᠡᠭᠦᠯᠵᠦ᠂ ᠲᠤᠰᠬᠠᠢ ᠮᠡᠷᠭᠡᠵᠢᠯᠲᠡᠨ

ᠡᠷᠳᠡᠮᠲᠡᠨ᠂ ᠠᠵᠢᠯ ᠲᠥᠷᠥᠯ ᠤᠨ ᠬᠢᠨ᠂ ᠠᠵᠤ ᠠᠬᠤᠶᠢᠯᠠᠯ ᠳᠤ ᠶᠠᠷᠢᠯᠴᠠᠭᠠᠨ ᠤ ᠲᠠᠪᠴᠠᠩ ᠬᠠᠩᠭᠠᠨ᠂ ᠨᠡᠪᠲᠡᠷᠡᠯᠴᠡᠨ

ᠬᠠᠮᠲᠤᠷᠠᠯᠴᠠᠬᠤ ᠲᠣᠭᠲᠠᠴᠠ ᠶᠢ ᠪᠠᠶᠢᠭᠤᠯᠵᠤ᠂ ᠲᠠᠯ᠎ᠠ ᠨᠤᠲᠤᠭ ᠤᠨ ᠡᠭᠡᠳᠡᠭᠰᠡᠨ ᠰᠦ ᠶᠢᠨ ᠮᠡᠷᠭᠡᠵᠢᠯ ᠤᠨ ᠰᠤᠳᠤᠯᠤᠨ

ᠨᠡᠭᠡᠭᠡᠬᠦ ᠪᠣᠳᠠᠲᠤ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠤ᠂ ᠤᠯᠠᠭᠠᠨᠴᠠᠪ ᠤᠨ ︽ᠳᠤᠮᠳᠠᠳᠤ ᠤᠯᠤᠰ ᠤᠨ

ᠲᠠᠯ᠎ᠠ ᠨᠤᠲᠤᠭ ᠤᠨ ᠡᠭᠡᠳᠡᠭᠰᠡᠨ ᠰᠦ ᠶᠢᠨ ᠲᠥᠪ︾ ᠤᠨ ᠠᠯᠳᠠᠷᠰᠢᠯ ᠪᠠ ᠨᠥᠯᠥᠭᠡᠯᠡᠬᠦ ᠬᠦᠴᠦᠨ ᠢ ᠥᠷᠭᠡᠳᠬᠡᠪᠡ᠃

     ᠣᠶᠢᠷ᠎ᠠ ᠶᠢᠨ ᠵᠢᠯ ᠤᠨ ᠲᠤᠷᠰᠢ᠂ ᠤᠯᠠᠭᠠᠨᠴᠠᠪ ᠬᠤᠲᠠ ︽ᠰᠦ ᠶᠢᠨ ᠢᠷᠡᠯᠲᠡ ᠶᠢᠨ ᠰᠢᠵᠢᠷ ᠠᠯᠲᠠᠨ ᠪᠦᠰᠡ︾

  ᠳᠤ ᠪᠠᠶᠢᠷᠢᠯᠠᠵᠤ ᠪᠠᠶᠢᠭ᠎ᠠ ᠪᠠᠶᠢᠭᠠᠯᠢ ᠶᠢᠨ ᠳᠠᠪᠠᠭᠤᠯᠢᠭ ᠪᠠ ᠪᠡᠭᠡᠵᠢᠩ ᠲᠢᠶᠠᠨᠵᠢᠨ ᠾᠧᠪᠧᠢ ᠲᠠᠢ ᠬᠥᠷᠰᠢᠯᠡᠵᠦ

ᠪᠠᠶᠢᠭ᠎ᠠ ᠣᠷᠣᠨ ᠪᠠᠶᠢᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠠᠭᠠᠯᠢ ᠶᠢᠨ ᠦᠨᠢᠶ᠎ᠡ ᠲᠡᠵᠢᠭᠡᠨ

ᠦᠷᠡᠵᠢᠭᠦᠯᠬᠦ᠂ ᠴᠠᠭᠠᠨ ᠢᠳᠡᠭᠡᠨ ᠪᠤᠯᠪᠠᠰᠤᠷᠠᠭᠤᠯᠬᠤ᠂ ᠲᠡᠵᠢᠭᠡᠯ ᠪᠣᠷᠳᠤᠭ᠎ᠠ ᠦᠢᠯᠡᠳᠪᠦᠷᠢᠯᠡᠬᠦ ᠵᠡᠷᠭᠡ ᠠᠵᠤ ᠦᠢᠯᠡᠰ ᠢ

ᠬᠥᠭᠵᠢᠭᠦᠯᠵᠦ᠂ ᠨᠢᠭᠡ ᠪᠦᠯᠦᠭ ᠪᠦᠲᠦᠭᠡᠭᠳᠡᠬᠦᠨ ᠤ ᠶᠠᠰᠤ ᠴᠢᠨᠠᠷ ᠰᠢᠯᠢᠳᠡᠭ᠂ ᠰᠣᠶᠣᠯ ᠤᠨ ᠣᠨᠴᠠᠯᠢᠭ ᠥᠳᠬᠡᠨ᠂

ᠵᠠᠬ᠎ᠠ ᠳᠡᠯᠭᠡᠭᠦᠷ ᠲᠤ ᠬᠦᠷᠢᠶᠡᠯᠡᠯ ᠲᠠᠢ᠂ ᠨᠠᠷᠠᠲᠤ ᠲᠥᠷᠥᠯ ᠲᠡᠮᠳᠡᠭᠲᠦ ᠰᠦ ᠶᠢᠨ ᠪᠦᠲᠦᠭᠡᠭᠳᠡᠬᠦᠨ ᠢ ᠪᠣᠶᠢᠵᠢᠭᠤᠯᠵᠤ᠂

ᠰᠦ ᠶᠢᠨ ᠦᠢᠯᠡᠰ ᠤᠨ ᠬᠥᠭᠵᠢᠯᠲᠡ ᠰᠢᠨ᠎ᠡ ᠱᠠᠲᠤᠨ ᠳᠤ ᠣᠷᠣᠪᠠ᠃ ᠬᠤᠶᠢᠰᠢᠳᠠ ᠮᠠᠯ ᠤᠨ ᠠᠰᠢᠭ ᠰᠢᠮ᠎ᠡ

ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ

ᠲᠥᠪᠯᠡᠷᠡᠭᠦᠯᠵᠦ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠯᠠᠪᠳᠠᠭᠤᠨ ᠥᠷᠨᠢᠭᠦᠯᠵᠦ᠂

ᠲᠡᠵᠢᠭᠡᠨ ᠦᠷᠡᠵᠢᠭᠦᠯᠬᠦ᠂ ᠡᠳ᠋ᠰᠢᠭᠦᠯᠬᠦ᠂ ᠰᠤᠳᠤᠯᠤᠨ ᠨᠡᠭᠡᠭᠡᠬᠦ ᠵᠡᠷᠭᠡ ᠣᠯᠠᠨ ᠵᠦᠢᠯ ᠤᠨ ᠡᠵᠡᠩᠨᠡᠯᠲᠡ ᠶᠢᠨ ᠭᠡᠯᠪᠡᠷᠢ ᠶᠢ

ᠬᠥᠭᠵᠢᠭᠦᠯᠵᠦ᠂ ᠪᠦᠭᠦ ᠠᠵᠤ ᠦᠢᠯᠡᠰ ᠤᠨ ᠬᠡᠯᠬᠢᠶ᠎ᠡ ᠶᠢ ᠬᠦᠴᠦᠯᠡᠨ ᠴᠣᠭᠴᠠᠯᠠᠵᠤ᠂ ᠲᠠᠯ᠎ᠠ ᠨᠤᠲᠤᠭ ᠤᠨ ᠡᠭᠡᠳᠡᠭᠰᠡᠨ

ᠰᠦ ᠪᠠᠷ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠲᠠᠯ᠎ᠠ ᠨᠤᠲᠤᠭ ᠤᠨ ᠡᠭᠡᠳᠡᠭᠰᠡᠨ

ᠰᠦ ᠶᠢᠨ ᠦᠢᠯᠡᠰ ᠢᠶᠠᠷ ᠡᠷᠡᠭᠦᠯ ᠡᠩᠬᠡ ᠳᠤᠮᠳᠠᠳᠤ ᠤᠯᠤᠰ ᠤᠨ ᠬᠥᠭᠵᠢᠯᠲᠡ ᠳᠤ ᠬᠦᠴᠦᠨ ᠨᠡᠮᠡᠷᠢᠯᠡᠬᠦ ᠪᠠᠷ ᠪᠤᠢ᠃

     ᠳᠤᠮᠳᠠᠳᠤ ᠤᠯᠤᠰ ᠤᠨ ᠲᠠᠯ᠎ᠠ ᠨᠤᠲᠤᠭ ᠤᠨ ᠡᠭᠡᠳᠡᠭᠰᠡᠨ ᠰᠦ ᠶᠢᠨ ᠶᠡᠭᠡ ᠬᠤᠷᠠᠯ ᠪᠣᠯ ᠤᠯᠠᠭᠠᠨᠴᠠᠪ

ᠬᠤᠲᠠ ᠶᠢᠨ ᠡᠷᠭᠢᠯᠡᠭᠰᠡᠨ ᠪᠦᠭᠦ ᠤᠯᠤᠰ ᠤᠨ ᠴᠢᠨᠠᠷᠲᠠᠢ ᠡᠭᠡᠳᠡᠭᠰᠡᠨ ᠰᠦ ᠶᠢᠨ ᠠᠵᠤ ᠦᠢᠯᠡᠰ ᠤᠨ ᠰᠣᠯᠢᠯᠴᠠᠭ᠎ᠠ

ᠬᠠᠮᠲᠤᠷᠠᠯᠴᠠᠭ᠎ᠠ ᠶᠢᠨ ᠲᠠᠪᠴᠠᠩ ᠪᠣᠯᠣᠨ᠎ᠠ᠃ 2018 ᠣᠨ ᠠᠴᠠ ᠨᠠᠭᠠᠰᠢ ᠨᠢᠭᠡᠨᠲᠡ 4 ᠬᠤᠭᠤᠴᠠᠭ᠎ᠠ ᠡᠷᠭᠢᠯᠡᠵᠦ᠂

ᠠᠵᠢᠯ ᠲᠥᠷᠥᠯ ᠤᠨ ᠬᠢᠨ ᠪᠠ ᠬᠡᠷᠡᠭᠯᠡᠭᠴᠢᠳ ᠤᠨ ᠠᠩᠬᠠᠷᠤᠯ ᠢ ᠲᠠᠲᠠᠵᠤ᠂ ᠲᠠᠯ᠎ᠠ ᠨᠤᠲᠤᠭ ᠤᠨ ᠡᠭᠡᠳᠡᠭᠰᠡᠨ ᠰᠦ

ᠪᠦᠭᠦ ᠤᠯᠤᠰ ᠲᠤ ᠠᠯᠳᠠᠷᠰᠢᠬᠤ ᠠᠯᠬᠤᠭ᠎ᠠ ᠶᠢ ᠲᠦᠷᠭᠡᠳᠬᠡᠵᠦ᠂ ᠰᠠᠭᠤᠷᠢ ᠰᠤᠳᠤᠯᠭᠠᠨ ᠠᠴᠠ ᠦᠷ᠎ᠡ ᠪᠦᠲᠦᠭᠡᠯ ᠢ

ᠳᠡᠯᠭᠡᠨ ᠦᠵᠡᠭᠦᠯᠵᠦ ᠬᠡᠷᠡᠭᠯᠡᠬᠦ ᠭᠦᠷᠲᠡᠯ᠎ᠡ᠂ ᠳᠠᠭᠢᠨ ᠠᠵᠤ ᠦᠢᠯᠡᠰᠴᠢᠯᠡᠬᠦ ᠭᠦᠷᠲᠡᠯ᠎ᠡ᠂ ᠡᠭᠡᠳᠡᠭᠰᠡᠨ ᠰᠦ ᠶᠢᠨ ᠠᠵᠤ

ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠲᠦᠮᠵᠢᠲᠡᠶ ᠠᠬᠢᠭᠤᠯᠵᠤ᠂ ᠰᠦ ᠶᠢᠨ ᠦᠢᠯᠡᠰ ᠤᠨ ᠬᠥᠭᠵᠢᠯ

ᠮᠠᠨᠳᠤᠯ ᠢ ᠠᠬᠢᠭᠤᠯᠬᠤ᠂ ᠠᠷᠠᠳ ᠢᠷᠭᠡᠳ ᠤᠨ ᠡᠷᠡᠭᠦᠯ ᠮᠡᠨᠳᠦ ᠶᠢ ᠬᠠᠮᠠᠭᠠᠯᠠᠬᠤ ᠵᠡᠷᠭᠡ ᠲᠠᠯ᠎ᠠ ᠪᠠᠷ ᠴᠢᠬᠤᠯᠠ

ᠦᠢᠯᠡᠳᠦᠯ ᠦᠵᠡᠭᠦᠯᠵᠦ ᠪᠤᠢ᠃

 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号