ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ᠄ ᠦᠨᠳᠦᠰᠦᠨ ᠱᠠᠲᠤᠨ ᠳᠤ ᠵᠠᠬᠢᠳᠠᠯ ᠰᠤᠷᠪᠤᠯᠵᠢᠯᠠᠯ ᠢ ᠭᠥᠯᠢᠶᠡᠨ ᠠᠪᠴᠤ ᠤᠯᠠᠨ ᠲᠦᠮᠡᠨ ᠤ ᠬᠦᠴᠢᠷᠳᠡᠯ ᠢ ᠣᠷᠣᠯᠠᠨ ᠰᠢᠢᠳᠪᠦᠷᠢᠯᠡᠨ᠎ᠡ
ᠨᠡᠶᠢᠲᠡᠯᠡᠭᠰᠡᠨ ᠴᠠᠭ᠄
2023/8/14

     ᠣᠶᠢᠷ᠎ᠠ ᠳᠤ᠂ ᠬᠢᠩᠭᠠᠨ ᠠᠶᠢᠮᠠᠭ ᠤᠨ ᠤᠯᠠᠭᠠᠨᠬᠤᠲᠠ ᠶᠢᠨ ᠦ᠋ ᠢ ᠵᠡᠭᠡᠯᠢ ᠶᠢᠨ ᠲᠠᠶᠢᠴᠢᠨ ᠨᠡᠶᠢᠭᠡᠮ

ᠲᠣᠭᠤᠷᠢᠭ ᠤᠨ ᠰᠠᠭᠤᠭᠠᠯᠢ ᠠᠷᠠᠳ ᠼᠦᠢ ᠠᠪᠤᠭᠠᠢ ᠶᠢᠨ ᠵᠠᠬᠢᠳᠠᠯ ᠰᠤᠷᠪᠤᠯᠵᠢᠯᠠᠯ ᠤᠨ ᠣᠷᠣᠯᠠᠨ

ᠭᠦᠢᠴᠡᠳᠭᠡᠭᠴᠢ ᠳᠤ ᠲᠤᠰᠬᠠᠭᠰᠠᠨ ᠠᠶᠢᠮᠠᠭ ᠤᠨ ᠡᠮᠨᠡᠯᠭᠡ ᠶᠢᠨ ᠬᠤᠷᠢᠶ᠎ᠠ ᠶᠢᠨ ᠰᠠᠭᠤᠭᠠᠯᠢ ᠲᠣᠭᠤᠷᠢᠭ ᠤᠨ

ᠳᠠᠮᠵᠢᠭᠤᠯᠬᠤ ᠬᠤᠭᠤᠯᠠᠢ ᠶᠢ ᠵᠠᠰᠠᠭᠰᠠᠨ ᠠᠴᠠ ᠪᠣᠯᠵᠤ ᠵᠠᠮ ᠡᠪᠳᠡᠭᠳᠡᠨ ᠬᠤᠲᠣᠭᠤᠷ ᠭᠠᠷᠴᠤ ᠣᠯᠠᠨ ᠲᠦᠮᠡᠨ ᠤ

ᠶᠠᠪᠤᠵᠤ ᠰᠠᠭᠤᠬᠤ ᠶᠢ ᠨᠥᠯᠥᠭᠡᠯᠡᠭᠰᠡᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠡᠢ᠃ ᠡᠨᠡ ᠵᠢᠯ ᠤᠨ 4 ᠰᠠᠷ᠎ᠠ ᠳᠤ

ᠲᠠᠶᠢᠴᠢᠨ ᠨᠡᠶᠢᠭᠡᠮ ᠲᠣᠭᠤᠷᠢᠭ ᠲᠤ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠴᠡᠭ ᠪᠠᠶᠢᠭᠤᠯᠬᠤ ᠠᠴᠠ

ᠡᠮᠦᠨ᠎ᠡ᠂ ᠰᠠᠭᠤᠭᠠᠯᠢ ᠠᠷᠠᠳ ᠰᠠᠭᠤᠭᠠᠯᠢ ᠲᠣᠭᠤᠷᠢᠭ ᠤᠨ ᠳᠣᠲᠣᠷᠠᠬᠢ ᠠᠰᠠᠭᠤᠳᠠᠯ ᠢ ᠲᠤᠰᠬᠠᠬᠤ ᠳᠠᠭᠠᠨ

ᠤᠯᠠᠭᠠᠨᠬᠤᠲᠠ ᠶᠢᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠳᠤ ᠬᠦᠷᠴᠦ᠂ ᠮᠠᠲ᠋ᠧᠷᠢᠶᠠᠯ ᠲᠤᠰᠢᠶᠠᠬᠤ᠂ ᠳᠠᠩᠰᠠᠯᠠᠬᠤ᠂

ᠦᠷ᠎ᠡ ᠳ᠋ᠦᠩ ᠢ ᠬᠦᠯᠢᠶᠡᠬᠦ ᠵᠡᠷᠭᠡ ᠶᠠᠪᠤᠴᠠ ᠶᠢ ᠨᠢᠭᠡᠳ ᠨᠢᠭᠡ ᠪᠠᠷ ᠪᠡᠶᠡᠯᠡᠭᠦᠯᠬᠦ ᠴᠢᠬᠤᠯᠠ ᠲᠠᠢ ᠪᠠᠶᠢᠵᠠᠢ᠃ ᠤᠳᠤ

ᠼᠦᠢ ᠠᠪᠤᠭᠠᠢ ᠨᠡᠶᠢᠭᠡᠮ ᠲᠣᠭᠤᠷᠢᠭ ᠤᠨ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠭᠠᠵᠠᠷ ᠲᠤ ᠬᠦᠰᠡᠯ

ᠱᠠᠭᠠᠷᠳᠠᠯᠭ᠎ᠠ ᠪᠠᠨ ᠲᠤᠰᠬᠠᠵᠤ ᠪᠤᠯᠬᠤ  ᠪᠥᠭᠡᠳ ᠪᠠᠰᠠ ᠪᠦᠲᠦᠮᠵᠢᠲᠡᠶ ᠪᠠᠷ ᠰᠢᠢᠳᠪᠦᠷᠢᠯᠡᠵᠦ ᠥᠭᠴᠦ ᠲᠡᠶᠢᠯᠭᠦ

ᠪᠣᠯᠤᠭᠰᠠᠨ ᠪᠣᠯᠬᠤᠷ ︽ᠣᠯᠠᠨ ᠭᠠᠵᠠᠷ ᠲᠤ ᠭᠦᠶᠦᠬᠦ︾᠂ ︽ᠣᠯᠠᠨ ᠤᠳᠠᠭ᠎ᠠ ᠭᠦᠶᠦᠬᠦ︾  ᠴᠢᠬᠤᠯᠠ ᠦᠭᠡᠢ ᠪᠣᠯᠵᠠᠢ᠃

     ᠡᠨᠡ ᠪᠣᠯ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠳᠦᠷᠢᠮ ᠢ

ᠠᠬᠢᠭᠤᠯᠤᠨ ᠦᠷ᠎ᠡ ᠪᠦᠲᠦᠮᠵᠢ ᠣᠯᠣᠭᠰᠠᠨ ᠤ ᠬᠤᠷᠢᠶᠠᠩᠭᠤᠢ ᠳᠦᠷᠰᠦ ᠪᠣᠯᠣᠨ᠎ᠠ᠃ ᠰᠢ ᠶᠢᠨ  ᠫᠢᠩ ᠤᠨ ᠰᠢᠨ᠎ᠡ

ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ

ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠳᠤᠮᠳᠠ᠂ ᠥᠪᠡᠷᠲᠡᠭᠡᠨ ᠵᠠᠰᠠᠬᠤ ᠣᠷᠣᠨ ᠤ

ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ

ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠨᠠᠷᠢᠨ

ᠬᠢᠨᠠᠮᠠᠭᠠᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ︽ᠹᠧᠩ ᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ

ᠬᠥᠭᠵᠢᠭᠦᠯᠬᠦ ᠬᠢᠭᠡᠳ ︽ᠫᠦ᠋ ᠵᠢᠶᠠᠩ ᠤᠨ ᠲᠤᠷᠰᠢᠯᠭ᠎ᠠ︾ ᠶᠢ ᠰᠤᠷᠤᠯᠴᠠᠨ ᠦᠢᠯᠡᠳᠦᠯᠭᠡᠵᠢᠭᠦᠯᠬᠦ ᠶᠢ ᠣᠷᠭᠠᠨᠢᠭ ᠢᠶᠠᠷ

ᠤᠶᠠᠯᠳᠤᠭᠤᠯᠵᠤ᠂ ︽ᠠᠰᠠᠭᠤᠳᠠᠯ ᠢ ᠰᠢᠢᠳᠪᠦᠷᠢᠯᠡᠬᠦ ᠰᠡᠳᠬᠢᠬᠦᠢ︾ ᠪᠠᠨ ᠴᠢᠩᠭᠠᠳᠬᠠᠵᠤ᠂ ᠵᠠᠬᠢᠳᠠᠯ ᠰᠤᠷᠪᠤᠯᠵᠢᠯᠠᠯ ᠤᠨ

ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠰᠢᠶᠠᠨ ᠰᠢᠶᠠᠩ ᠲᠣᠰᠬᠤᠨ ᠭᠤᠷᠪᠠᠨ ᠱᠠᠲᠤᠨ ᠳᠤ

ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠤᠨ ᠵᠦᠢᠯᠡᠰ ᠢ ᠪᠠᠶᠢᠩᠭᠤ ᠬᠠᠪᠰᠤᠷᠤᠨ ᠰᠢᠢᠳᠪᠦᠷᠢᠯᠡᠵᠦ ᠣᠷᠣᠯᠠᠨ

ᠭᠦᠢᠴᠡᠳᠬᠡᠵᠦ᠂ ᠤᠯᠠᠨ ᠲᠦᠮᠡᠨ ᠤ ᠳᠡᠭᠡᠭᠰᠢ ᠰᠤᠷᠪᠤᠯᠵᠢᠯᠠᠬᠤ ᠶᠢ ᠺᠠᠳ᠋ᠷ ᠳᠣᠷᠣᠭᠰᠢ ᠪᠠᠭᠤᠵᠤ ᠰᠤᠷᠪᠤᠯᠵᠢᠯᠠᠬᠤ

ᠪᠣᠯᠭᠠᠨ ᠬᠤᠪᠢᠷᠠᠭᠤᠯᠵᠤ᠂ ᠠᠷᠠᠳ ᠤᠨ ᠪᠠᠶᠢᠳᠠᠯ ᠢ ᠪᠠᠶᠢᠴᠠᠭᠠᠨ᠂ ᠠᠷᠠᠳ ᠤᠨ ᠵᠣᠪᠠᠨᠢᠯ ᠢ ᠰᠢᠢᠳᠪᠦᠷᠢᠯᠡᠵᠦ᠂

ᠠᠷᠠᠳ ᠤᠨ ᠰᠡᠳᠬᠢᠯ ᠢ ᠳᠤᠯᠠᠭᠠᠴᠠᠭᠤᠯᠵᠤ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠭᠴᠢ ᠶᠢ ᠺᠠᠳ᠋ᠷ

ᠤᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠬᠤ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠬᠤ ᠪᠣᠳᠠᠲᠠᠢ

ᠦᠢᠯᠡᠳᠦᠯᠭᠡ ᠪᠣᠯᠭᠠᠵᠠᠢ᠃ 5 ᠰᠠᠷ᠎ᠠ ᠶᠢᠨ ᠰᠡᠭᠦᠯᠴᠢ ᠪᠤᠯᠲᠠᠯ᠎ᠠ᠂ ᠪᠦᠭᠦ ᠣᠷᠣᠨ ᠤ 12 ᠠᠶᠢᠮᠠᠭ ᠬᠤᠲᠠ ᠳᠤ᠂ 97

ᠬᠤᠰᠢᠭᠤ ᠰᠢᠶᠠᠨ ︵ᠬᠤᠲᠠ᠂ ᠲᠣᠭᠤᠷᠢᠭ︶᠂ 941 ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ 11563

ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠳᠦᠷᠢᠮ ᠢ

ᠨᠢᠭᠡᠨᠲᠡ ᠬᠡᠷᠡᠭᠵᠢᠭᠦᠯᠵᠦ᠂ ᠲᠣᠰ ᠲᠣᠰ ᠪᠦᠭᠦ ᠣᠷᠣᠨ ᠤ ᠰᠢᠶᠠᠨ᠂ ᠰᠢᠶᠠᠩ᠂ ᠲᠣᠰᠬᠤᠨ ᠤ ᠶᠡᠷᠦᠩᠬᠡᠢ ᠲᠣᠭᠠᠨ ᠤ

94.2%᠂ 85.9%᠂ 84.4% ᠶᠢ ᠬᠠᠮᠤᠷᠪᠠ᠃

     ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠭᠤᠣᠯ ᠤᠳᠤᠷᠢᠳᠤᠯᠭ᠎ᠠ ᠲᠦᠷᠦᠭᠦᠯᠡᠨ ᠦᠯᠢᠭᠡᠷ

ᠳᠠᠭᠤᠷᠢᠶᠠᠯ ᠦᠵᠡᠭᠦᠯᠵᠦ᠂ ᠮᠤᠵᠢ ᠶᠢᠨ ᠱᠠᠲᠤᠨ ᠤ ᠤᠳᠤᠷᠢᠳᠤᠯᠭ᠎ᠠ ᠬᠥᠮᠥᠨ ᠪᠦᠷᠢ 5 ᠬᠤᠪᠢ ᠬᠦᠴᠢᠷ ᠲᠦᠪᠡᠭᠲᠡᠢ

ᠨᠠᠷᠢᠨ ᠪᠤᠳᠤᠯᠢᠶᠠᠨᠲᠠᠢ ᠵᠠᠬᠢᠳᠠᠯ ᠰᠤᠷᠪᠤᠯᠵᠢᠯᠠᠯ ᠤᠨ ᠬᠡᠷᠡᠭ ᠢ ᠳᠠᠭᠠᠭᠠᠴᠢᠯᠠᠵᠤ᠂ ᠡᠯ᠎ᠡ ᠱᠠᠲᠤᠨ ᠤ ᠤᠳᠤᠷᠢᠳᠬᠤ

ᠺᠠᠳ᠋ᠷᠴᠤᠳ ᠤᠨ ︽ᠶᠡᠭᠡ ᠪᠠᠷ  ᠠᠰᠠᠭᠤᠨ ᠰᠤᠷᠪᠤᠯᠵᠢᠯᠠᠬᠤ᠂ ᠶᠡᠭᠡ ᠪᠠᠷ ᠵᠢᠭᠰᠠᠭᠠᠨ ᠪᠠᠶᠢᠴᠠᠭᠠᠬᠤ᠂ ᠶᠡᠭᠡ ᠪᠠᠷ

ᠨᠠᠮᠳᠠᠭᠤᠯᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠬᠦ ᠶᠢ ᠵᠢᠱᠢᠶ᠎ᠡ ᠦᠵᠡᠭᠦᠯᠦᠨ ᠲᠠᠶᠢᠴᠢᠯᠠᠵᠠᠢ᠃

ᠣᠳᠣᠬᠠᠨ ᠪᠤᠯᠲᠠᠯ᠎ᠠ᠂ 37 ᠮᠤᠵᠢ ᠶᠢᠨ ᠱᠠᠲᠤᠨ ᠤ ᠤᠳᠤᠷᠢᠳᠤᠯᠭ᠎ᠠ 186 ᠬᠡᠷᠡᠭ ᠢ ᠳᠠᠭᠠᠭᠠᠨ ᠠᠪᠴᠤ᠂ 123

ᠬᠡᠷᠡᠭ ᠢ ᠨᠠᠮᠳᠠᠭᠤᠯᠵᠤ᠂ ᠠᠶᠢᠮᠠᠭ ᠬᠤᠲᠠ ᠲᠢᠩᠬᠢᠮ ᠤᠨ ᠲᠠᠰ ᠤᠨ ᠤᠳᠤᠷᠢᠳᠬᠤ ᠺᠠᠳ᠋ᠷ 3511 ᠬᠡᠷᠡᠭ ᠢ ᠳᠠᠭᠠᠭᠠᠨ

ᠠᠪᠴᠤ᠂ 2435 ᠬᠡᠷᠡᠭ ᠢ ᠨᠠᠮᠳᠠᠭᠤᠯᠵᠤ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠭᠠᠵᠠᠷ ᠤᠨ ᠲᠠᠰ ᠤᠨ

ᠤᠳᠤᠷᠢᠳᠬᠤ ᠺᠠᠳ᠋ᠷ 6478 ᠬᠡᠷᠡᠭ ᠢ ᠳᠠᠭᠠᠭᠠᠨ ᠠᠪᠴᠤ᠂ 4993 ᠬᠡᠷᠡᠭ ᠢ ᠨᠠᠮᠳᠠᠭᠤᠯᠵᠠᠢ᠃

     ᠬᠢᠩᠭᠠᠨ ᠠᠶᠢᠮᠠᠭ ᠪᠠᠶᠢᠭᠤᠯᠤᠮᠵᠢ ᠡᠩᠨᠡᠭᠡ ᠪᠠᠨ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂

ᠦᠢᠯᠡᠴᠢᠯᠡᠭᠡᠨ ᠤ ᠶᠠᠪᠤᠴᠠ ᠪᠠᠨ ᠰᠢᠯᠢᠳᠡᠭᠵᠢᠭᠦᠯᠦᠨ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂

ᠦᠨᠳᠦᠰᠦᠨ ᠱᠠᠲᠤᠨ ᠤ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠭᠴᠢ ᠠᠴᠠ ᠴᠠᠭ ᠲᠤᠬᠠᠢ ᠳᠤᠨᠢ ᠣᠯᠠᠨ

ᠲᠦᠮᠡᠨ ᠳᠤ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠵᠤ᠂ ᠨᠢᠭᠡᠨᠲᠡ 801

ᠬᠤᠪᠢ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠬᠡᠷᠡᠭ ᠢ ᠭᠥᠯᠢᠶᠡᠨ ᠠᠪᠴᠤ᠂ 710 ᠬᠤᠪᠢ ᠶᠢ ᠨᠢ

ᠰᠢᠢᠳᠪᠦᠷᠢᠯᠡᠨ ᠳᠠᠭᠤᠰᠬᠠᠬᠤ ᠶᠢ ᠠᠬᠢᠭᠤᠯᠵᠠᠢ᠃  ᠭᠦᠭᠡᠬᠤᠲᠠ ᠶᠢᠨ ᠲᠣᠭᠲᠠᠬᠤ ᠰᠢᠶᠠᠨ ᠪᠦᠭᠦ ᠰᠢᠶᠠᠨ ᠳᠤ

︽ᠲᠣᠰᠬᠤᠨ ᠤ ᠱᠦᠵᠢ ᠣᠷᠣᠯᠠᠨ ᠭᠦᠢᠴᠡᠳᠬᠡᠬᠦ᠂ ᠰᠢᠶᠠᠩ ᠤᠨ ᠱᠦᠵᠢ ᠬᠠᠮᠵᠢᠯᠴᠠᠨ ᠭᠦᠢᠴᠡᠳᠬᠡᠬᠦ᠂ ᠰᠢᠶᠠᠨ ᠤ

ᠱᠦᠵᠢ ᠭᠤᠣᠯᠯᠠᠨ ᠡᠷᠭᠢᠯᠡᠭᠦ︾ᠭᠤᠷᠪᠠᠨ ᠱᠠᠲᠤᠨ ᠤ ᠱᠦᠵᠢ ᠣᠷᠣᠯᠠᠨ ᠭᠦᠢᠴᠡᠳᠬᠡᠬᠦ ᠶᠢ ᠠᠳᠬᠤᠬᠤ ᠲᠣᠭᠲᠠᠴᠠ ᠶᠢ

ᠬᠡᠷᠡᠭᠵᠢᠭᠦᠯᠵᠡᠢ᠃ ᠤᠯᠠᠭᠠᠨᠬᠠᠳᠠ ᠬᠤᠲᠠ ᠶᠢᠨ ᠠᠤᠬᠠᠨ ᠬᠤᠰᠢᠭᠤᠨ ᠤ ᠮᠣᠳᠣᠨ ᠠᠶᠢᠯ ᠰᠢᠶᠠᠩ ︽ᠠᠷᠠᠳ ᠢᠷᠭᠡᠳ

ᠤᠴᠢᠷ ᠢᠶᠠᠨ ᠶᠠᠷᠢᠬᠤ︾ ᠲᠠᠪᠴᠠᠩ ᠤᠨ APP ᠪᠠᠷ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠶᠠᠰᠤ

ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠤᠯᠠᠨ ᠲᠦᠮᠡᠨ ᠭᠠᠷ ᠤᠲᠠᠰᠤ ᠪᠠᠷ ᠲᠠᠪᠴᠠᠩ ᠢᠶᠠᠷ ᠳᠠᠮᠵᠢᠨ

ᠠᠰᠠᠭᠤᠳᠠᠯ ᠢᠶᠠᠨ ᠲᠤᠰᠬᠠᠵᠤ᠂ ᠠᠵᠢᠯᠲᠠᠳ ︽ᠲᠤᠰᠬᠠᠭᠰᠠᠨ ᠠᠰᠠᠭᠤᠳᠠᠯ︾ ᠢ ᠨᠢ ᠣᠷᠣᠯᠠᠨ ᠭᠦᠢᠴᠡᠳᠬᠡᠵᠦ᠂

ᠪᠤᠳᠤᠯᠢᠶᠠᠨᠲᠠᠢ ᠬᠡᠷᠡᠭ ᠢ ᠵᠠᠰᠠᠭ ᠤᠨ ᠣᠷᠳᠣᠨ ᠠᠴᠠ ᠣᠷᠣᠯᠠᠨ ᠭᠦᠢᠴᠡᠳᠬᠡᠵᠦ᠂ ᠵᠥᠷᠢᠴᠡᠯ ᠢ ᠨᠠᠮᠳᠠᠭᠤᠯᠬᠤ ᠶᠢ

ᠠᠬᠢᠭᠤᠯᠵᠠᠢ᠃ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠠᠤᠯᠢ

ᠲᠣᠭᠲᠠᠭᠠᠯ ᠢ ᠰᠠᠶᠢᠨ ᠮᠡᠳᠡᠬᠦ ᠨᠡᠷ᠎ᠡ ᠬᠦᠨᠳᠦᠲᠡᠢ ︽ᠲᠠᠪᠤᠨ ᠠᠬᠠᠮᠠᠳ︾ ᠢ ᠵᠠᠬᠢᠳᠠᠯ ᠰᠤᠷᠪᠤᠯᠵᠢᠯᠠᠯ ᠤᠨ ᠣᠷᠣᠯᠠᠨ

ᠭᠦᠢᠴᠡᠳᠭᠡᠭᠴᠢ ᠶᠢᠨ ᠡᠩᠨᠡᠭᠡ ᠳᠤ ᠣᠷᠣᠭᠤᠯᠵᠤ᠂ ᠣᠯᠠᠨ ᠲᠦᠮᠡᠨ ᠤ ᠲᠤᠰᠬᠠᠭᠰᠠᠨ ᠬᠦᠰᠡᠯ ᠱᠠᠭᠠᠷᠳᠠᠯᠭ᠎ᠠ ᠶᠢ

ᠬᠠᠪᠰᠤᠷᠪᠠᠯ ᠵᠣᠬᠢᠬᠤ ᠶᠢ ᠨᠢ ᠪᠦᠭᠦᠨ ᠢ ᠬᠠᠪᠰᠤᠷᠴᠤ᠂ ᠭᠦᠢᠴᠡᠳᠬᠡᠪᠡᠯ ᠵᠣᠬᠢᠬᠤ ᠶᠢ ᠨᠢ ᠪᠦᠭᠦᠨ ᠢ ᠭᠦᠢᠴᠡᠳᠬᠡᠵᠦ᠂

ᠠᠩᠬᠠᠨ ᠤ ᠵᠠᠬᠢᠳᠠᠯ ᠠᠩᠬᠠᠨ ᠤ ᠰᠤᠷᠪᠤᠯᠵᠢᠯᠠᠯ ᠢ ᠨᠠᠮᠳᠠᠭᠤᠯᠬᠤ ᠨᠣᠷᠮ᠎ᠠ ᠶᠢ ᠦᠨᠡᠨ ᠬᠦ ᠳᠡᠭᠡᠭᠰᠢᠯᠡᠭᠦᠯᠵᠡᠢ᠃

     ᠡᠯ᠎ᠡ ᠱᠠᠲᠤᠨ ᠤ ᠨᠠᠮ ᠤᠨ ᠭᠡᠰᠢᠭᠦᠨ᠂ ᠺᠠᠳ᠋ᠷᠴᠤᠳ ᠦᠨᠳᠦᠰᠦᠨ ᠱᠠᠲᠤᠨ ᠳᠤ ᠰᠢᠭᠤᠳ ᠬᠦᠷᠴᠦ᠂ ᠣᠯᠠᠨ

ᠲᠦᠮᠡᠨ ᠳᠤ ᠰᠢᠭᠤᠳ ᠬᠠᠨᠳᠤᠵᠤ᠂ ᠵᠥᠷᠢᠴᠡᠯ ᠳᠤ ᠰᠢᠭᠤᠳ ᠴᠣᠬᠢᠯᠲᠠ ᠥᠭᠴᠦ᠂ ᠨᠢᠭᠡ ᠪᠦᠯᠦᠭ ᠠᠰᠠᠭᠤᠳᠠᠯ ᠢ

ᠪᠦᠲᠦᠮᠵᠢᠲᠡᠶ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠳᠦᠷᠢᠮ ᠤᠨ ᠦᠷ᠎ᠡ

ᠪᠦᠲᠦᠮᠵᠢ ᠲᠣᠪᠣᠶᠢᠮ᠎ᠠ ᠪᠣᠯᠵᠤ᠂ ᠪᠠᠰᠠ ᠣᠯᠠᠨ ᠲᠦᠮᠡᠨ ᠤ ᠬᠦᠴᠢᠷᠳᠡᠯ ᠢ ᠰᠢᠢᠳᠪᠦᠷᠢᠯᠡᠬᠦ ᠶᠠᠪᠤᠴᠠ ᠳᠤ ᠥᠷᠭᠡᠨ

ᠣᠯᠠᠨ ᠨᠠᠮ ᠤᠨ ᠭᠡᠰᠢᠭᠦᠨ ᠺᠠᠳ᠋ᠷᠴᠤᠳ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠤᠯᠠᠮ ᠪᠠᠲᠤᠳᠬᠠᠵᠠᠢ᠃

ᠨᠢᠭᠡ ᠳᠤ ᠦᠯᠡᠮᠵᠢ ᠤᠯᠠᠨ ᠵᠠᠬᠢᠳᠠᠯ ᠰᠤᠷᠪᠤᠯᠵᠢᠯᠠᠯ ᠤᠨ ᠵᠥᠷᠢᠴᠡᠯ ᠢ ᠲᠤᠬᠠᠢ ᠶᠢᠨ ᠭᠠᠵᠠᠷ ᠲᠤᠨᠢ ᠨᠠᠮᠳᠠᠭᠤᠯᠵᠠᠢ᠃

ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠳᠦᠷᠢᠮ ᠢ ᠬᠡᠷᠡᠭᠵᠢᠭᠦᠯᠦᠭᠰᠡᠨ ᠠᠴᠠ ᠨᠠᠭᠠᠰᠢ᠂ ᠪᠦᠭᠦ

ᠣᠷᠣᠨ ᠤ 34769 ᠦᠨᠳᠦᠰᠦᠨ ᠱᠠᠲᠤᠨ ᠤ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠭᠴᠢ 4530

ᠬᠤᠪᠢ ᠵᠠᠬᠢᠳᠠᠯ ᠰᠤᠷᠪᠤᠯᠵᠢᠯᠠᠯ ᠤᠨ ᠬᠡᠷᠡᠭ ᠢ  ᠣᠷᠣᠯᠠᠨ ᠭᠦᠢᠴᠡᠳᠬᠡᠵᠦ᠂ 3232 ᠬᠤᠪᠢ ᠵᠠᠬᠢᠳᠠᠯ

ᠰᠤᠷᠪᠤᠯᠵᠢᠯᠠᠯ ᠤᠨ ᠵᠦᠢᠯᠡᠰ ᠢ ᠨᠢᠭᠡᠨᠲᠡ ᠰᠢᠢᠳᠪᠦᠷᠢᠯᠡᠨ ᠳᠠᠭᠤᠰᠬᠠᠬᠤ ᠶᠢ ᠠᠬᠢᠭᠤᠯᠵᠤ᠂ ᠨᠢᠭᠡ ᠪᠦᠯᠦᠭ ᠵᠥᠷᠢᠴᠡᠯ

ᠵᠠᠭᠤᠷᠠᠯᠳᠤᠭᠠᠨ ᠪᠣᠯᠣᠨ ᠵᠠᠬᠢᠳᠠᠯ ᠰᠤᠷᠪᠤᠯᠵᠢᠯᠠᠯ ᠤᠨ ᠳᠠᠯᠳᠠ ᠭᠡᠮ ᠢ ᠵᠠᠬᠢᠳᠠᠯ ᠰᠤᠷᠪᠤᠯᠵᠢᠯᠠᠯ ᠤᠨ ᠣᠷᠣᠯᠠᠨ

ᠭᠦᠢᠴᠡᠳᠬᠡᠬᠦ ᠶᠠᠪᠤᠴᠠ ᠳᠤ ᠤᠷᠢᠳᠴᠢᠯᠠᠨ ᠵᠢᠭᠰᠠᠭᠠᠨ ᠪᠠᠶᠢᠴᠠᠭᠠᠵᠤ ᠢᠯᠡᠷᠡᠭᠦᠯᠦᠨ᠂ ᠴᠠᠭ ᠲᠤᠬᠠᠢ ᠳᠤᠨᠢ

ᠲᠤᠬᠠᠢ ᠶᠢᠨ ᠭᠠᠵᠠᠷ ᠲᠤᠨᠢ ᠨᠠᠮᠳᠠᠭᠤᠯᠵᠠᠢ᠃ ᠬᠤᠶᠠᠷ ᠲᠤ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ

ᠪᠦᠲᠦᠮᠵᠢᠲᠡᠶ ᠰᠢᠢᠳᠪᠦᠷᠢᠯᠡᠵᠡᠢ᠃ ᠪᠦᠭᠦ ᠣᠷᠣᠨ ᠳᠤ ᠡᠯ᠎ᠡ ᠲᠥᠷᠥᠯ ᠤᠨ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ

ᠬᠡᠷᠡᠭ ᠢ ᠨᠡᠶᠢᠲᠡ 14484 ᠬᠤᠪᠢ ᠰᠢᠢᠳᠪᠦᠷᠢᠯᠡᠵᠡᠢ᠂ ᠡᠭᠦᠨ ᠳᠤ 5 ᠵᠢᠯ ᠠᠴᠠ ᠳᠡᠭᠡᠭᠰᠢ 944 ᠬᠤᠪᠢ᠂ 10

ᠵᠢᠯ ᠠᠴᠠ ᠳᠡᠭᠡᠭᠰᠢ 262 ᠬᠤᠪᠢ᠂ 20 ᠵᠢᠯ ᠠᠴᠠ ᠳᠡᠭᠡᠭᠰᠢ 49 ᠬᠤᠪᠢ ᠶᠢ ᠰᠢᠢᠳᠪᠦᠷᠢᠯᠡᠵᠦ᠂ ᠨᠢᠭᠡ ᠪᠦᠯᠦᠭ

ᠴᠠᠭ ᠨᠢ ᠣᠷᠳᠣ᠂ ᠬᠦᠴᠢᠷ ᠤᠨ ᠬᠡᠮᠵᠢᠶ᠎ᠡ ᠶᠡᠭᠡ᠂ ᠬᠤᠯᠪᠣᠭᠳᠠᠬᠤ ᠬᠡᠪᠴᠢᠶ᠎ᠡ ᠪᠠᠷ ᠥᠷᠭᠡᠨ ᠬᠡᠷᠡᠭ ᠢ ᠲᠤᠶᠢᠯᠪᠤᠷᠢᠲᠠᠢ

ᠰᠢᠢᠳᠪᠦᠷᠢᠯᠡᠵᠦ᠂ ᠵᠠᠷᠢᠮ ︽ᠢᠷᠭᠡᠨ ᠤ ᠬᠡᠷᠡᠭ ᠠᠴᠠ ᠡᠷᠡᠭᠦᠦ ᠶᠢᠨ ᠬᠡᠷᠡᠭ ᠪᠣᠯᠣᠨ ᠬᠤᠪᠢᠷᠠᠬᠤ︾᠂ ᠬᠡᠲᠦᠷᠡᠮᠡᠬᠡᠢ

ᠵᠠᠬᠢᠳᠠᠯ ᠰᠤᠷᠪᠤᠯᠵᠢᠯᠠᠯ ᠤᠨ ᠵᠥᠷᠢᠴᠡᠯ ᠤᠨ ᠳᠠᠯᠳᠠ ᠭᠡᠮ ᠢ ᠪᠦᠲᠦᠮᠵᠢᠲᠡᠶ ᠠᠷᠢᠯᠭᠠᠵᠠᠢ᠃ ᠭᠤᠷᠪᠠ ᠳᠤ ᠵᠠᠬᠢᠳᠠᠯ

ᠰᠤᠷᠪᠤᠯᠵᠢᠯᠠᠯ ᠤᠨ ᠨᠡᠮᠡᠭᠳᠡᠬᠦ ᠬᠠᠨᠳᠤᠰᠢ ᠢᠯᠡᠳᠲᠡ ᠪᠠᠭᠤᠷᠠᠵᠠᠢ᠃ 5 ᠰᠠᠷ᠎ᠠ ᠶᠢᠨ ᠰᠡᠭᠦᠯᠴᠢ ᠪᠤᠯᠲᠠᠯ᠎ᠠ᠂ ᠬᠤᠰᠢᠭᠤ

ᠰᠢᠶᠠᠨ ᠤ ᠱᠠᠲᠤᠨ ᠤ ᠵᠠᠬᠢᠳᠠᠯ ᠰᠤᠷᠪᠤᠯᠵᠢᠯᠠᠯ ᠤᠨ ᠬᠡᠮᠵᠢᠶ᠎ᠡ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ

100.8% ᠪᠠᠷ ᠨᠡᠮᠡᠭᠳᠡᠵᠦ᠂ ᠶᠡᠭᠡ ᠬᠡᠮᠵᠢᠶᠡᠨ ᠤ ᠵᠠᠬᠢᠳᠠᠯ ᠰᠤᠷᠪᠤᠯᠵᠢᠯᠠᠯ ᠤᠨ ᠵᠥᠷᠢᠴᠡᠯ ᠢ ᠦᠨᠳᠦᠰᠦᠨ

ᠱᠠᠲᠤᠨ ᠳᠤ ᠨᠠᠮᠳᠠᠭᠤᠯᠵᠠᠢ᠃ ᠳᠥᠷᠪᠡ ᠳᠤ ᠨᠠᠮ ᠪᠠ ᠤᠯᠠᠨ ᠲᠦᠮᠡᠨ᠂ ᠺᠠᠳ᠋ᠷ ᠪᠠ ᠤᠯᠠᠨ ᠲᠦᠮᠡᠨ ᠤ ᠬᠠᠷᠢᠴᠠᠭ᠎ᠠ ᠶᠢ

ᠤᠯᠠᠮ ᠨᠢᠭᠲᠠᠷᠠᠭᠤᠯᠵᠠᠢ᠃ ᠵᠠᠬᠢᠳᠠᠯ ᠰᠤᠷᠪᠤᠯᠵᠢᠯᠠᠯ ᠢ ᠣᠷᠣᠯᠠᠨ ᠰᠢᠢᠳᠪᠦᠷᠢᠯᠡᠬᠦ ᠳᠦᠷᠢᠮ ᠨᠢ ᠤᠯᠠᠨ ᠲᠦᠮᠡᠨ ᠤ

ᠪᠤᠳᠤᠵᠤ ᠬᠦᠰᠡᠵᠦ ᠪᠠᠶᠢᠭ᠎ᠠ ᠵᠦᠢᠯ ᠢ ᠴᠠᠭ ᠢᠮᠠᠭᠲᠠ ᠠᠩᠬᠠᠷᠴᠤ᠂ ᠤᠯᠠᠨ ᠲᠦᠮᠡᠨ ᠤ ᠵᠦᠢ ᠶᠣᠰᠣᠨ ᠤ ᠬᠦᠰᠡᠯ

ᠱᠠᠭᠠᠷᠳᠠᠯᠭ᠎ᠠ ᠶᠢ ︽ᠭᠡᠷ ᠤᠨ ᠡᠭᠦᠳᠡᠨ︾ ᠳᠤᠨᠢ ᠰᠢᠢᠳᠪᠦᠷᠢᠯᠡᠨ ᠥᠭᠴᠦ᠂ ᠨᠠᠮ ᠪᠠ ᠵᠠᠰᠠᠭ ᠤᠨ ᠣᠷᠳᠣᠨ ᠤ ᠤᠯᠠᠨ

ᠲᠦᠮᠡᠨ ᠲᠠᠢ ᠬᠠᠷᠢᠯᠴᠠᠬᠤ ᠪᠣᠯᠣᠨ ᠤᠯᠠᠨ ᠲᠦᠮᠡᠨ ᠳᠤ ᠦᠢᠯᠡᠴᠢᠯᠡᠬᠦ ᠬᠥᠭᠦᠷᠭᠡ ᠬᠤᠯᠪᠣᠭᠠᠰᠤ ᠶᠢᠨ ᠦᠢᠯᠡᠳᠦᠯ ᠢ

ᠪᠦᠲᠦᠮᠵᠢᠲᠡᠶ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠨᠠᠮ ᠤᠨ ᠠᠴᠢ ᠡᠨᠡᠷᠢᠯ ᠳᠤ

ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ ᠬᠠᠯᠠᠭᠤᠨ ᠰᠡᠳᠬᠢᠯᠭᠡ ᠪᠣᠯᠣᠨ ᠡᠷᠴᠢ ᠵᠣᠷᠢᠭ ᠢ

ᠤᠯᠠᠮ  ᠬᠥᠭᠵᠢᠭᠡᠵᠡᠢ᠃

 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号