ᠳᠤᠮᠳᠠᠳᠤ ᠤᠯᠤᠰ ᠤᠨ ᠴᠢᠨᠠᠷ ᠰᠠᠶᠢᠲᠠᠢ ᠲᠠᠷᠢᠶᠠᠯᠠᠩ ᠤᠨ ᠮᠡᠷᠭᠡᠵᠢᠯ ᠦᠭᠠᠨᠳᠠ ᠶᠢᠨ ᠬᠥᠳᠡᠭᠡ ᠠᠵᠤ ᠠᠬᠤᠢ ᠶᠢᠨ ᠦᠵᠡᠰᠭᠦᠯᠡᠩ ᠳᠤ ᠳᠡᠯᠭᠡᠭᠳᠡᠪᠡ
ᠨᠡᠶᠢᠲᠡᠯᠡᠭᠰᠡᠨ ᠴᠠᠭ᠄
2023/8/14

     ᠣᠶᠢᠷ᠎ᠠ ᠶᠢᠨ ᠡᠳᠦᠷ᠂ ᠦᠭᠠᠨᠳᠠ ᠶᠢᠨ ᠵᠡᠭᠦᠨ ᠬᠡᠰᠡᠭ ᠤᠨ ᠬᠤᠳᠠ ᠶᠢᠨ ᠵᠢᠨᠵᠢᠶᠠ ᠶᠢᠨ ᠡᠷᠭᠢᠯᠡᠭᠰᠡᠨ

ᠦᠭᠠᠨᠳᠠ ᠶᠢᠨ 29 ᠳ᠋ᠦ᠋ᠭᠡᠷ ᠬᠤᠭᠤᠴᠠᠭᠠᠨ ᠤ ᠪᠦᠭᠦ ᠤᠯᠤᠰ ᠤᠨ ᠬᠥᠳᠡᠭᠡ ᠠᠵᠤ ᠠᠬᠤᠢ ᠶᠢᠨ ᠦᠵᠡᠰᠭᠦᠯᠠᠩ

ᠳᠡᠭᠡᠷ᠎ᠡ᠂ ᠳᠤᠮᠳᠠᠳᠤ ᠤᠯᠤᠰ - ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠮᠤ ᠪᠤᠳᠠᠭ᠎ᠠ ᠲᠠᠷᠢᠶᠠᠯᠠᠩ ᠤᠨ

ᠵᠣᠬᠢᠶᠠᠨ ᠪᠠᠶᠢᠭᠤᠯᠤᠯᠲᠠ - ᠦᠭᠠᠨᠳᠠ ᠶᠢᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭ᠎ᠠ ᠶᠢᠨ ᠲᠦᠷᠦᠯ

ᠵᠦᠢᠯ ᠤᠨ ᠳᠤᠮᠳᠠᠳᠤ ᠤᠯᠤᠰ ᠤᠨ ᠲᠤᠰᠬᠠᠢ ᠮᠡᠷᠭᠡᠵᠢᠯᠲᠡᠳ ᠦᠵᠡᠰᠭᠦᠯᠡᠩ ᠳᠤ ᠴᠢᠨᠠᠷ ᠰᠠᠶᠢᠲᠠᠢ ᠠᠮᠤ ᠪᠤᠳᠠᠭᠠᠨ ᠤ

ᠲᠠᠷᠢᠮᠠᠯ ᠤᠨ ᠵᠦᠢᠯ ᠪᠣᠯᠣᠨ ᠲᠠᠷᠢᠶᠠᠯᠠᠩ ᠤᠨ ᠮᠡᠷᠭᠡᠵᠢᠯ ᠢ ᠠᠪᠴᠢᠷᠠᠵᠤ᠂ ᠤᠯᠠᠨ ᠤ ᠬᠦᠷᠢᠶᠡᠯᠡᠯ ᠢ ᠣᠯᠵᠠᠢ᠃

     ᠨᠢᠭᠡ ᠵᠢᠯ ᠳᠤ ᠨᠢᠭᠡ ᠤᠳᠠᠭ᠎ᠠ ᠶᠠᠪᠤᠭᠳᠠᠳᠠᠭ ᠦᠭᠠᠨᠳᠠ ᠶᠢᠨ ᠪᠦᠭᠦ ᠤᠯᠤᠰ ᠤᠨ ᠬᠥᠳᠡᠭᠡ ᠠᠵᠤ ᠠᠬᠤᠢ

 ᠶᠢᠨ ᠦᠵᠡᠰᠭᠦᠯᠡᠩ ᠪᠣᠯ ᠲᠣᠰ ᠤᠯᠤᠰ ᠤᠨ ᠲᠠᠷᠢᠶᠠᠯᠠᠩ ᠤᠨ ᠠᠵᠤ ᠦᠢᠯᠡᠰ ᠡᠷᠭᠢᠯᠡᠭᠴᠢᠳ ᠤᠨ ᠰᠢᠨ᠎ᠡ

ᠡᠭᠦᠳᠦᠯᠲᠡ ᠶᠢᠨ ᠮᠡᠷᠭᠡᠵᠢᠯ ᠢᠶᠠᠨ ᠳᠡᠯᠭᠡᠨ ᠦᠵᠡᠭᠦᠯᠭᠦ ᠪᠠ ᠬᠤᠳᠠᠯᠳᠤᠭᠠᠨ ᠤ ᠰᠣᠯᠢᠯᠴᠠᠭ᠎ᠠ ᠥᠷᠨᠢᠭᠦᠯᠬᠦ

ᠦᠪᠡᠳᠡᠭᠰᠢ ᠴᠤᠭᠯᠠᠭᠠᠨ ᠪᠣᠯᠣᠨ᠎ᠠ᠃ ᠲᠣᠰ ᠤᠳᠠᠭ᠎ᠠ ᠶᠢᠨ ᠦᠵᠡᠰᠭᠦᠯᠡᠩ 4 ᠠᠴᠠ 12 ᠤᠨ ᠡᠳᠦᠷ ᠪᠤᠯᠲᠠᠯ᠎ᠠ

ᠶᠠᠪᠤᠭᠳᠠᠵᠤ᠂ 250 ᠨᠢᠭᠡᠴᠢ ᠦᠵᠡᠰᠭᠦᠯᠠᠩ ᠳᠤ ᠣᠷᠣᠯᠴᠠᠪᠠ᠃

     ᠳᠤᠮᠳᠠᠳᠤ ᠤᠯᠤᠰ ᠤᠨ ᠲᠠᠷᠢᠶᠠᠯᠠᠩ ᠤᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠳᠠᠷᠤᠭ᠎ᠠ ᠵᠠᠩ

ᠰᠢᠶᠣᠣ ᠴᠢᠶᠠᠩ ᠤᠨ ᠲᠠᠨᠢᠯᠴᠠᠭᠤᠯᠤᠭᠰᠠᠨ ᠢᠶᠠᠷ᠂ ︽ᠡᠨᠡ ᠬᠦ ᠦᠵᠡᠰᠭᠦᠯᠠᠩ ᠢᠶᠠᠷ ᠳᠠᠮᠵᠢᠭᠤᠯᠤᠨ᠂ ᠲᠤᠬᠠᠢ ᠶᠢᠨ

ᠭᠠᠵᠠᠷ ᠤᠨ ᠲᠠᠷᠢᠶᠠᠴᠢᠳ ᠮᠠᠨ ᠤ ᠲᠠᠷᠢᠶᠠᠯᠠᠩ ᠤᠨ ᠮᠡᠷᠭᠡᠵᠢᠯ ᠢ ᠨᠠᠩ ᠰᠠᠶᠢᠲᠤᠷ ᠣᠶᠢᠯᠠᠭᠠᠬᠤ ᠶᠢᠨ ᠤᠯᠠᠮ ᠠᠴᠠ

ᠨᠠᠩ ᠣᠯᠠᠨ ᠲᠠᠷᠢᠶᠠᠴᠢᠳ ᠮᠠᠨ ᠤ ᠰᠢᠨ᠎ᠡ ᠲᠠᠷᠢᠮᠠᠯ ᠤᠨ  ᠵᠦᠢᠯ ᠪᠠ ᠮᠡᠷᠭᠡᠵᠢᠯ ᠢ ᠬᠡᠷᠡᠭᠯᠡᠬᠦ ᠪᠣᠯᠣᠨ᠎ᠠ᠃ ᠡᠨᠡ ᠨᠢ

ᠲᠤᠰ ᠤᠯᠤᠰ ᠤᠨ ᠠᠮᠤ ᠪᠤᠳᠠᠭᠠᠨ ᠤ ᠤᠨᠠᠯᠲᠠ ᠪᠣᠯᠣᠨ ᠠᠮᠤ ᠪᠤᠳᠠᠭᠠᠨ ᠤ ᠠᠮᠤᠷ ᠲᠦᠪᠰᠢᠨ ᠤ ᠬᠡᠮᠵᠢᠶ᠎ᠡ ᠶᠢ

ᠳᠡᠭᠡᠭᠰᠢᠯᠡᠭᠦᠯᠵᠦ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠵᠡᠷᠭᠡ ᠲᠠᠯ᠎ᠠ ᠪᠠᠷ ᠴᠢᠬᠤᠯᠠ

ᠦᠢᠯᠡᠳᠦᠯ ᠦᠵᠡᠭᠦᠯᠭᠦ ᠪᠣᠯᠣᠨ᠎ᠠ︾ ᠭᠡᠵᠡᠢ᠃

     ᠳᠤᠮᠳᠠᠳᠤ ᠤᠯᠤᠰ ᠤᠨ ᠲᠤᠰᠬᠠᠢ ᠮᠡᠷᠭᠡᠵᠢᠯᠲᠡᠳ ᠤᠨ ᠠᠪᠴᠢᠷᠠᠭᠰᠠᠨ ᠡᠷᠯᠢᠰᠡᠵᠢᠭᠦᠯᠦᠭᠰᠡᠨ ᠤᠰᠤᠨ

ᠲᠤᠲᠤᠷᠭ᠎ᠠ ᠶᠢᠨ ᠡᠭᠦᠯᠳᠡᠷ WDR - 73᠂ ᠦᠨᠡᠭᠡᠨ ᠰᠡᠭᠦᠯᠲᠦ ᠨᠠᠷᠢᠮᠤ ᠪᠣᠯᠣᠨ ᠰᠢᠰᠢ ᠵᠢᠴᠢ ᠵᠠᠷᠢᠮ ᠵᠢᠵᠢᠭ

ᠭᠡᠯᠪᠡᠷᠢ ᠶᠢᠨ ᠲᠠᠷᠢᠶᠠᠯᠠᠩ ᠤᠨ ᠮᠠᠰᠢᠨ ᠬᠡᠷᠡᠭᠰᠡᠯ ᠵᠡᠷᠭᠡ ᠨᠢ ᠲᠣᠭᠤᠷᠢᠨ ᠦᠵᠡᠭᠴᠢᠳ ᠤᠨ ᠠᠩᠬᠠᠷᠤᠯ ᠢ ᠲᠠᠲᠠᠪᠠ᠃

WDR - 73  ᠪᠣᠯ ᠦᠭᠠᠨᠳᠠ ᠶᠢᠨ ᠳᠤᠮᠳᠠ ᠬᠡᠰᠡᠭ ᠤᠨ ᠪᠦᠲ᠋ᠠᠯᠠᠶᠢᠵᠠ ᠣᠷᠣᠨ ᠳᠤ ᠳᠡᠯᠭᠡᠷᠡᠭᠦᠯᠦᠨ

ᠳᠠᠷᠢᠭᠰᠠᠨ ᠤ ᠲᠠᠷᠠᠭ᠎ᠠ ᠶᠡᠭᠡ ᠠᠮᠵᠢᠯᠲᠠ ᠣᠯᠣᠭᠰᠠᠨ ᠲᠤᠲᠤᠷᠭ᠎ᠠ ᠶᠢᠨ ᠡᠭᠦᠯᠳᠡᠷ ᠪᠣᠯᠣᠨ᠎ᠠ᠂ ᠤᠰᠤ ᠠᠷᠪᠢᠯᠠᠬᠤ᠂

ᠭᠠᠩ ᠢ ᠳᠠᠭᠠᠭᠠᠬᠤ᠂ ᠥᠨᠳᠥᠷ ᠤᠨᠠᠯᠲᠠ ᠲᠠᠢ ᠵᠡᠷᠭᠡ ᠣᠨᠴᠠᠯᠢᠭ ᠲᠠᠢ ᠶᠤᠮ᠃ ᠦᠭᠠᠨᠳᠠ ᠶᠢᠨ ᠭᠤᠣᠯ  ᠰᠣᠨᠢᠨ

︽ᠡᠳᠦᠷ ᠪᠦᠷᠢ ᠶᠢᠨ ᠠᠵᠢᠭᠯᠠᠯᠲᠠ ᠰᠣᠨᠢᠨ︾ ᠡᠭᠦᠨ ᠠᠴᠠ ᠡᠮᠦᠨ᠎ᠡ ᠣᠯᠠᠨ ᠤᠯᠤᠰ ᠤᠨ ᠬᠤᠯᠪᠣᠭᠠᠲᠤ

ᠪᠠᠶᠢᠭᠤᠯᠭ᠎ᠠ ᠶᠢᠨ ᠠᠮᠤ ᠪᠤᠳᠠᠭ᠎ᠠ ᠲᠠᠷᠢᠶᠠᠯᠠᠩ ᠤᠨ ᠵᠣᠬᠢᠶᠠᠨ ᠪᠠᠶᠢᠭᠤᠯᠤᠯᠲᠠ ᠶᠢᠨ ᠨᠢᠭᠡᠨ ᠲᠥᠯᠥᠭᠡᠯᠡᠭᠴᠢ ᠶᠢᠨ ᠦᠭᠡ

 ᠠᠴᠠ ᠡᠰᠢ ᠲᠠᠲᠠᠵᠤ᠂ ᠲᠤᠬᠠᠢ ᠶᠢᠨ ᠭᠠᠵᠠᠷ ᠤᠨ ᠨᠤᠲᠤᠭ ᠤᠨ ᠡᠭᠦᠯᠳᠡᠷ ᠲᠠᠢ ᠬᠠᠷᠢᠴᠠᠭᠤᠯᠪᠠᠯ᠂ ᠡᠨᠡ ᠬᠦ ᠰᠢᠨ᠎ᠡ

ᠡᠭᠦᠯᠳᠡᠷ ᠨᠢ ᠾᠧᠺᠲ᠋ᠠᠷ ᠪᠦᠷᠢ ᠶᠢᠨ ᠤᠨᠠᠯᠲᠠ ᠶᠢ ᠨᠠᠭᠠᠲᠤ ᠵᠠᠬ᠎ᠠ ᠳᠠᠭᠠᠨ ᠭᠤᠷᠪᠠᠨ ᠤ ᠨᠢᠭᠡ ᠪᠠᠷ ᠳᠡᠭᠡᠭᠰᠢᠯᠡᠭᠦᠯᠵᠡᠢ

ᠭᠡᠵᠦ ᠬᠡᠯᠡᠪᠡ᠃

     ᠳᠤᠮᠳᠠᠳᠤ ᠤᠯᠤᠰ ᠤᠨ ᠲᠠᠷᠢᠶᠠᠯᠠᠩ ᠤᠨ ᠲᠤᠰᠬᠠᠢ ᠮᠡᠷᠭᠡᠵᠢᠯᠲᠡᠨ ᠤ ᠦᠵᠡᠰᠭᠦᠯᠠᠩ ᠤᠨ ᠲᠣᠭᠤᠷᠢᠭ ᠢ

ᠲᠣᠭᠤᠷᠢᠨ ᠦᠵᠡᠭᠰᠡᠨ ᠤ ᠲᠠᠷᠠᠭ᠎ᠠ᠂ ᠲᠤᠬᠠᠢ ᠶᠢᠨ ᠭᠠᠵᠠᠷ ᠤᠨ ᠲᠠᠷᠢᠶᠠᠴᠢᠨ ᠵᠦᠪᠢᠯᠢ·ᠠᠮᠦᠶᠢᠲᠢ ᠰᠢᠨᠬᠤᠸᠠ

ᠬᠤᠷᠢᠶ᠎ᠠ ᠶᠢᠨ ᠰᠤᠷᠪᠤᠯᠵᠢᠯᠠᠬᠴᠢ ᠳᠤ᠄ ︽ᠬᠡᠷᠪᠡ ᠪᠢᠳᠠ ᠶᠠᠳᠠᠭᠤ ᠠᠴᠠ ᠠᠩᠭᠢᠵᠢᠷᠠᠶ᠎ᠠ ᠭᠡᠪᠡᠯ ᠰᠡᠳᠬᠢᠯ ᠲᠠᠯᠪᠢᠨ

ᠰᠤᠷᠤᠯᠴᠠᠬᠤ ᠬᠡᠷᠡᠭᠲᠡᠢ᠂ ᠣᠨᠴᠠᠭᠠᠶᠢᠯᠠᠨ ᠲᠡᠳᠡᠭᠡᠷ ᠥᠨᠳᠥᠷ ᠤᠨᠠᠯᠲᠠ ᠲᠠᠢ ᠦᠷ᠎ᠡ ᠶᠢ ᠣᠶᠢᠯᠠᠭᠠᠬᠤ ᠬᠡᠷᠡᠭᠲᠡᠢ︾ ᠭᠡᠵᠦ

ᠬᠡᠯᠡᠪᠡ᠃ ᠲᠡᠷᠡ᠂ ᠳᠤᠮᠳᠠᠳᠤ ᠤᠯᠤᠰ ᠤᠨ ᠲᠤᠰᠬᠠᠢ ᠮᠡᠷᠭᠡᠵᠢᠯᠲᠡᠳ ᠲᠠᠢ ᠶᠠᠷᠢᠯᠴᠠᠬᠤ ᠪᠠᠷ ᠳᠡᠮᠵᠢᠨ᠂︽ᠪᠢ ᠮᠠᠰᠢ

ᠣᠯᠠᠨ ᠠᠷᠭ᠎ᠠ ᠰᠣᠷᠣᠬᠰᠠᠨ ᠪᠥᠭᠡᠳ ᠦᠢᠯᠡᠳᠦᠯᠭᠡᠵᠢᠭᠦᠯᠵᠦ ᠴᠢᠳᠠᠨ᠎ᠠ᠃ ᠳᠤᠮᠳᠠᠳᠤ ᠤᠯᠤᠰ ᠤᠨ ᠲᠤᠰᠬᠠᠢ

ᠮᠡᠷᠭᠡᠵᠢᠯᠲᠡᠨ  ᠨᠠᠳᠠ ᠳᠤ ᠪᠠᠰᠠ ᠨᠢᠭᠡ ᠪᠦᠯᠦᠭ ᠰᠢᠰᠢ ᠶᠢᠨ ᠦᠷ᠎ᠡ ᠥᠭᠴᠡᠢ᠂ ᠬᠡᠷᠪᠡ ᠲᠤᠷᠰᠢᠵᠤ ᠲᠠᠷᠢᠭᠠᠳ

ᠤᠨᠠᠯᠲᠠ ᠨᠢ ᠰᠠᠶᠢᠨ ᠪᠣᠯᠪᠠᠯ᠂ ᠪᠢ ᠶᠡᠭᠡ ᠬᠡᠪᠴᠢᠶ᠎ᠡ ᠪᠠᠷ ᠲᠠᠷᠢᠨ᠎ᠠ︾ ᠭᠡᠵᠦ ᠢᠯᠡᠳᠬᠡᠪᠡ᠃

     ︵ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠰᠠᠷ᠎ᠠ ᠶᠢᠨ 10 ᠤ  ᠴᠠᠭᠢᠯᠭᠠᠨ ᠮᠡᠳᠡᠭᠡ︶

 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号