ᠡᠯ ᠹᠧᠨ ᠽᠢ ᠰᠢᠶᠠᠩ ᠤᠨ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/8/15
      ᠮᠠᠨ ᠤ ᠰᠢᠶᠠᠨ ᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ ᠹᠧᠨ ᠽᠢ ᠰᠢᠶᠠᠩ ᠤᠨ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠦᠬᠦ ᠲᠠᠯ᠎ᠠ ᠪᠠᠷ ᠲᠣᠬᠢᠷᠠᠭᠤᠯᠤᠨ ᠪᠠᠶᠢᠷᠢᠯᠠᠭᠤᠯᠬᠤ ᠶᠢᠨ ᠲᠥᠯᠥᠭᠡ᠂ ᠮᠠᠨ ᠤ ᠰᠢᠶᠠᠩ ᠪᠦᠬᠦ ᠤᠯᠤᠰ ᠤᠨ ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ ᠹᠧᠨ ᠽᠢ ᠰᠢᠶᠠᠩ ᠤᠨ ᠨᠠᠮ ᠤᠨ ᠬᠤᠷᠢᠶᠠᠨ ᠤ ᠱᠦᠵᠢ ᠲᠢᠶᠠᠨ ᠮᠤᠤ ᠬᠤᠷᠠᠯ ᠢ ᠡᠷᠬᠢᠯᠡᠵᠤ᠂ ᠰᠢᠶᠠᠩ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠤᠭᠴᠢ᠂ ᠨᠡᠶᠢᠳᠡᠮ ᠪᠠᠶᠢᠴᠠᠭᠠᠭᠴᠢ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ ᠲᠤᠰ ᠤᠳᠠᠭᠠᠨ ᠤ ᠬᠤᠷᠠᠯ ᠳᠤ ᠣᠷᠣᠯᠴᠠᠪᠠ᠃
     ᠬᠤᠷᠠᠯ ᠳᠡᠭᠡᠷ᠎ᠡ᠂ ᠡᠯ ᠹᠧᠨ ᠽᠢ ᠰᠢᠶᠠᠩ ᠤᠨ ᠵᠠᠰᠠᠭ ᠤᠨ ᠣᠷᠳᠣᠨ ᠤ ᠰᠢᠶᠠᠩ ᠤᠨ ᠳᠠᠷᠤᠭ᠎ᠠ ᠭᠦᠸᠧ ᡁᠢ ᠵᠦᠩ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠬᠤᠷᠠᠯ ᠤᠨ ᠵᠣᠷᠢᠭ ᠰᠠᠨᠠᠭ᠎ᠠ ᠵᠢᠴᠢ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ ᠤᠯᠠᠮᠵᠢᠯᠠᠵᠤ᠂ ᠮᠠᠨ ᠤ ᠰᠢᠶᠠᠩ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠳᠤ ᠳᠠᠶᠢᠴᠢᠯᠠᠯᠲᠠ ᠪᠠᠶᠢᠷᠢᠯᠠᠭᠤᠯᠤᠯᠲᠠ ᠬᠢᠵᠦ᠂ ᠪᠣᠯᠪᠠᠰᠤᠷᠠᠭᠤᠯᠵᠤ ᠰᠤᠷᠤᠯᠴᠠᠬᠤ᠂ ᠢᠯᠭᠠᠷᠠᠭᠤᠯᠤᠨ ᠪᠠᠶᠢᠴᠠᠭᠠᠬᠤ ᠠᠵᠢᠯ᠂ ᠨᠡᠶᠢᠳᠡᠮ ᠪᠠᠶᠢᠴᠠᠭᠠᠯᠲᠠ ᠶᠢᠨ ᠤᠷ᠎ᠠ ᠮᠡᠷᠭᠡᠰᠢᠯ᠂ ᠲᠤᠭ᠎ᠠ ᠪᠠᠷᠢᠮᠲᠠ ᠶᠢᠨ ᠨᠢᠭᠤᠴᠠ ᠶᠢ ᠬᠠᠮᠠᠭᠠᠯᠠᠬᠤ᠂ ᠬᠠᠷᠢᠭᠤᠴᠠᠯᠭ᠎ᠠ ᠶᠢᠨ ᠬᠤᠪᠢᠶᠠᠷᠢᠯᠠᠯ᠂ ᠰᠠᠬᠢᠯᠭ᠎ᠠ ᠪᠠᠲᠤ ᠶᠢᠨ ᠰᠢᠮᠳᠠᠭᠤᠯᠤᠨ ᠪᠠᠶᠢᠴᠠᠭᠠᠯᠲᠠ ᠵᠡᠷᠭᠡ ᠲᠠᠯ᠎ᠠ ᠪᠠᠷ ᠨᠠᠷᠢᠨ ᠲᠠᠶᠢᠯᠤᠮᠵᠢ ᠬᠢᠪᠠ᠃ ᠡᠭᠦᠨ ᠠᠴᠠ ᠭᠠᠳᠠᠨ᠎ᠠ ᠪᠠᠰᠠ ᠲᠠᠪᠤᠳᠤᠭᠠᠷ ᠤᠳᠠᠭᠠᠨ ᠤ ᠪᠦᠭᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠱᠠᠲᠤ ᠦᠶ᠎ᠡ ᠶᠢᠨ ᠴᠢᠨᠠᠷᠲᠠᠢ ᠱᠠᠭᠠᠷᠳᠠᠯᠭ᠎ᠠ ᠶᠢ ᠤᠯᠠᠮᠵᠢᠯᠠᠵᠤ᠂ ᠲᠤᠰ ᠠᠵᠢᠯ ᠤᠨ ᠴᠢᠬᠤᠯᠠ ᠠᠴᠢ ᠬᠤᠯᠪᠣᠭᠳᠠᠯ᠂ ᠨᠡᠶᠢᠳᠡᠮ ᠪᠠᠶᠢᠴᠠᠭᠠᠯᠲᠠ ᠶᠢᠨ ᠡᠲᠡᠭᠡᠳ ᠪᠠ ᠬᠦᠷᠢᠶ᠎ᠡ ᠬᠡᠪᠴᠢᠶ᠎ᠡ᠂ ᠨᠡᠶᠢᠳᠡᠮ ᠪᠠᠶᠢᠴᠠᠭᠠᠯᠲᠠ ᠶᠢᠨ ᠠᠯᠬᠤᠮ ᠲᠠᠷᠠᠭ᠎ᠠ᠂ ᠠᠵᠢᠯ ᠤᠨ ᠬᠦᠴᠢᠷᠳᠡᠯ ᠵᠡᠷᠭᠡ ᠲᠠᠯ᠎ᠠ ᠶᠢᠨ ᠲᠣᠭᠤᠷᠢᠨ ᠳᠤ ᠨᠠᠷᠢᠨ ᠲᠠᠶᠢᠯᠪᠤᠷᠢᠯᠠᠯᠲᠠ ᠬᠢᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠭᠰᠠᠨ ᠪᠠᠶᠢᠨ᠎ᠠ᠃      ᠬᠤᠷᠠᠯ ᠠᠴᠠ᠂ ᠡᠯ᠎ᠡ ᠲᠣᠰᠬᠤᠨ ᠤ ᠬᠢᠨ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ︽ᠲᠣᠮᠣ ᠳ᠋ᠠᠶᠢᠲ᠋ᠠ ᠪᠠᠷ ᠳᠠᠷᠠᠭᠠᠯᠠᠨ ᠪᠠᠶᠢᠴᠠᠭᠠᠬᠤ + ᠬᠡᠪᠢᠰ ᠤᠨ ᠬᠡᠯᠪᠡᠷᠢ ᠪᠠᠷ ᠪᠦᠷᠢᠳᠬᠡᠨ ᠪᠠᠶᠢᠴᠠᠭᠠᠬᠤ︾ ᠠᠷᠭ᠎ᠠ ᠬᠡᠯᠪᠡᠷᠢ ᠶᠢ ᠠᠰᠢᠭᠯᠠᠵᠤ᠂ ᠨᠡᠶᠢᠳᠡᠮ ᠪᠠᠶᠢᠴᠠᠭᠠᠯᠲᠠ ᠶᠢᠨ ᠡᠲᠡᠭᠡᠳ ᠪᠣᠯᠣᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠦᠬᠦ ᠲᠠᠯ᠎ᠠ ᠪᠠᠷ ᠣᠨᠣᠪᠴᠢᠲᠠᠢ ᠪᠠᠶᠢᠴᠠᠭᠠᠨ ᠲᠣᠳᠣᠯᠠᠵᠤ᠂ ᠨᠡᠶᠢᠳᠡᠮ ᠪᠠᠶᠢᠴᠠᠭᠠᠯᠲᠠ ᠶᠢᠨ ᠰᠠᠭᠤᠷᠢ ᠳᠡᠪᠲᠡᠷ ᠤᠨ ᠭᠤᠯᠳᠤ ᠴᠢᠭᠯᠡᠯ ᠢᠶᠠᠷ ᠲᠤᠤᠱᠲᠠᠢ ᠪᠠᠶᠢᠬᠤ ᠶᠢ ᠪᠠᠲᠤᠯᠠᠵᠤ᠂ ᠬᠥᠨᠳᠡᠯᠡᠨ ᠢᠶᠠᠷ ᠵᠠᠬ᠎ᠠ ᠬᠢᠵᠠᠭᠠᠷ ᠲᠤ ᠬᠦᠷᠴᠦ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠴᠢᠨᠠᠷ ᠰᠠᠶᠢᠲᠠᠢ ᠬᠢᠨᠠᠨ ᠰᠢᠯᠭᠠᠯᠲᠠ ᠪᠠ ᠠᠵᠤ ᠠᠬᠤᠢ ᠶᠢᠨ ᠬᠥᠭᠵᠢᠯᠲᠡ ᠶᠢᠨ ᠥᠨᠳᠦᠷᠴᠡ ᠠᠴᠠ ᠬᠠᠤᠯᠢ ᠶᠣᠰᠣᠭᠠᠷ ᠨᠡᠶᠢᠳᠡᠮ ᠪᠠᠶᠢᠴᠠᠭᠠᠯᠲᠠ ᠬᠢᠬᠦ᠂ ᠰᠢᠨᠵᠢᠯᠡᠬᠦ ᠤᠬᠠᠭᠠᠨᠴᠢ ᠪᠠᠷ ᠨᠡᠶᠢᠳᠡᠮ ᠪᠠᠶᠢᠴᠠᠭᠠᠯᠲᠠ ᠬᠢᠬᠦ᠂ ᠠᠷᠠᠳ ᠤᠨ ᠲᠥᠯᠥᠭᠡ ᠨᠡᠶᠢᠳᠡᠮ ᠪᠠᠶᠢᠴᠠᠭᠠᠯᠲᠠ ᠬᠢᠬᠦ ᠶᠢ ᠪᠠᠷᠢᠮᠲᠠᠯᠠᠵᠤ᠂ ︽ᠲᠣᠭᠠᠴᠢᠯᠠᠭᠰᠠᠨ ᠠᠵᠤ ᠠᠬᠤᠢ︾ ᠶᠢᠨ ᠬᠠᠯᠠᠮᠰᠢᠯ ᠴᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠪᠥᠭᠡᠳ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠠᠮᠤᠭ ᠤᠨ ᠰᠡᠭᠦᠯ ᠳᠤ᠂ ᠡᠯ᠎ᠡ ᠭᠠᠴᠠᠭ᠎ᠠ ᠢᠳᠡᠪᠬᠢᠲᠡᠢ ᠪᠠᠷ ᠲᠦᠯᠬᠢᠨ ᠠᠬᠢᠭᠤᠯᠵᠤ᠂ ᠰᠦᠯᠵᠢᠶᠡᠨ ᠳᠡᠭᠡᠷᠡᠬᠢ + ᠰᠦᠯᠵᠢᠶᠡᠨ ᠭᠠᠳᠠᠭᠤᠷᠬᠢ ᠠᠭᠤᠷ ᠠᠮᠢᠰᠬᠤᠯ ᠤᠨ ᠤᠬᠠᠭᠤᠯᠭ᠎ᠠ ᠶᠢ ᠴᠢᠩᠭᠠᠳᠬᠠᠵᠤ᠂ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠴᠢᠬᠤᠯᠠ ᠶᠡᠭᠡ ᠠᠴᠢ ᠬᠤᠯᠪᠣᠭᠳᠠᠯ᠂ ᠠᠵᠢᠯ ᠤᠨ ᠶᠠᠪᠤᠴᠠ᠂ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ  ᠶᠢ ᠥᠷᠭᠡᠨ ᠢᠶᠠᠷ ᠤᠬᠠᠭᠤᠯᠵᠤ᠂ ᠬᠠᠷᠢᠶᠠᠲᠤ ᠣᠷᠣᠨ ᠤ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠲᠤᠬᠠᠢ ᠣᠶᠢᠯᠠᠭᠠᠬᠤ ᠬᠡᠮᠵᠢᠶ᠎ᠡ᠂ ᠳᠡᠮᠵᠢᠬᠦ ᠬᠡᠮᠵᠢᠶ᠎ᠡ᠂ ᠬᠠᠮᠵᠢᠯᠴᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠪᠥᠬᠦ ᠰᠢᠶᠠᠩ ᠤᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠬᠠᠮᠵᠢᠯᠴᠠᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠨᠡᠶᠢᠳᠡᠮ ᠪᠠᠶᠢᠴᠠᠭᠠᠯᠲᠠ ᠶᠢᠨ ᠶᠠᠪᠤᠴᠠ ᠳᠤ ᠲᠤᠯᠭᠠᠷᠠᠭᠰᠠᠨ ᠡᠯ᠎ᠡ ᠲᠥᠷᠥᠯ ᠤᠨ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠤᠷᠤᠭᠰᠢᠲᠠᠢ ᠪᠥᠭᠡᠳ ᠲᠡᠭᠦᠰ ᠠᠮᠵᠢᠯᠲᠠ ᠲᠠᠢ ᠥᠷᠨᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠲᠠᠷᠠᠭᠠᠴᠢ ᠶᠢᠨ ᠠᠯᠬᠤᠮ ᠳᠤ᠂ ᠡᠯ ᠹᠧᠨ ᠽᠢ ᠰᠢᠶᠠᠩ ᠨᠡᠶᠢᠳᠡᠮ ᠪᠠᠶᠢᠴᠠᠭᠠᠯᠲᠠ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠶᠢ ᠦᠷᠭᠦᠯᠵᠢᠯᠡᠨ ᠡᠵᠡᠮᠳᠡᠵᠦ᠂ ︽ᠬᠤᠶᠠᠷ ᠠᠵᠢᠯᠲᠠᠨ︾ ᠤ ᠪᠣᠯᠪᠠᠰᠤᠷᠠᠭᠤᠯᠤᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠨᠢᠭᠡᠴᠢ ᠶᠢ ᠪᠠᠶᠢᠴᠠᠭᠠᠬᠤ ᠶᠠᠪᠤᠴᠠ ᠶᠢ ᠨᠠᠷᠢᠯᠢᠭᠵᠢᠭᠤᠯᠵᠤ᠂ ᠨᠡᠶᠢᠳᠡᠮ ᠪᠠᠶᠢᠴᠠᠭᠠᠯᠲᠠ ᠶᠢᠨ ᠤᠬᠠᠭᠤᠯᠵᠤ ᠬᠥᠲᠥᠯᠥᠨ ᠵᠢᠯᠤᠭᠤᠳᠬᠤ ᠶᠢ ᠰᠢᠯᠢᠳᠡᠭᠵᠢᠭᠦᠯᠦᠨ᠂ ᠬᠠᠤᠯᠢ ᠶᠣᠰᠣᠭᠠᠷ ᠪᠦᠷᠢᠳᠬᠡᠨ ᠬᠠᠤᠯᠢ ᠶᠣᠰᠣᠭᠠᠷ ᠨᠢᠭᠡᠳᠦᠯᠲᠡᠢ ᠬᠠᠮᠢᠶᠠᠷᠬᠤ ᠶᠢ ᠭᠦᠨᠵᠡᠭᠡᠶᠢᠷᠡᠭᠦᠯᠵᠦ᠂ ᠨᠡᠶᠢᠳᠡᠮ ᠪᠠᠶᠢᠴᠠᠭᠠᠯᠲᠠ ᠶᠢᠨ︽ᠠᠮᠢᠨ ᠰᠤᠳᠠᠰᠤ︾ ᠶᠢ ᠪᠠᠲᠤ ᠰᠠᠬᠢᠵᠤ᠂ ᠡᠯ ᠹᠧᠨ ᠽᠢ ᠰᠢᠶᠠᠩ ᠤᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃            ᠢᠷᠡᠯᠲᠡ᠄ ᠡᠯ ᠹᠧᠨ ᠽᠢ ᠰᠢᠶᠠᠩ ᠤᠨ ᠠᠷᠠᠳ ᠤᠨ ᠵᠠᠰᠠᠭ ᠤᠨ ᠤᠷᠳᠤᠨ ᠤ ᠨᠠᠶᠢᠲᠡ ᠶᠢᠨ ᠳ᠋ᠤᠭᠠᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号